ᠯᠢ ᠵᠢᠶᠠᠨ ᠾᠦᠢ | ᠲᠤᠰᠢᠶᠠᠯ᠄ ᠬᠤᠤᠯᠢᠩᠭᠤᠤᠯ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ | ᠬᠤᠪᠢᠳᠠᠨ ᠬᠠᠮᠢᠶᠠᠷᠬᠤ ᠠᠵᠢᠯ ᠤᠨ ᠭᠤᠤᠯ ᠬᠤᠪᠢᠶᠠᠷᠢᠯᠠᠯ᠄ ᠬᠤᠲᠠ ᠶᠢᠨ ᠳᠠᠷᠤᠭ᠎ᠠ ᠶᠢ ᠬᠠᠮᠵᠢᠨ | ᠬᠤᠳᠠᠯᠳᠤᠭᠠᠨ ᠤ ᠶᠠᠪᠤᠳᠠᠯ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶ᠎ᠠ᠂ ᠴᠡᠴᠡᠷᠯᠢᠭ ᠤᠨ ᠨᠣᠭᠤᠭᠠᠷᠠᠭᠤᠯᠤᠯᠲᠠ᠂ ᠤᠰᠤ ᠢᠯᠴᠢ ᠬᠠᠩᠭᠠᠬᠤ᠂ ᠵᠡᠭᠡᠯᠢ | ᠭᠤᠳᠤᠮᠵᠢ᠂ ᠨᠢᠰᠬᠡᠯ ᠤᠨ ᠪᠠᠭᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠠᠯᠪᠠᠨ ᠭᠡᠷ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ | ᠮᠦᠰᠦᠳᠠᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠤᠷᠤᠬᠤᠵᠢᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠵᠦᠰᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠷ᠎ᠠ ᠬᠦᠤᠷ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠦᠢᠯᠡᠴᠢᠯᠡᠭᠡᠨ ᠤ ᠲᠥᠪ᠂ ᠬᠤᠳᠠ ᠶᠢᠨ ᠪᠡᠯᠡ ᠣᠷᠣᠭᠤᠯᠵᠤ ᠡᠵᠡᠩᠨᠡᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠲᠦᠭᠡᠭᠡᠯ ᠤᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠢᠯᠴᠢ ᠬᠠᠩᠭᠠᠬᠤ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠤᠯᠢᠩᠭᠤᠤᠯ ᠤᠨ ᠠᠷᠠᠳ ᠤᠨ ᠠᠭᠠᠷ ᠤᠨ | ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ᠃ | ᠬᠠᠷᠢᠯᠴᠠᠬᠤ᠄ ᠥᠪᠥᠷ ᠮᠣᠩᠭᠤᠯ ᠤᠨ ᠬᠤᠤᠯᠢᠩᠭᠤᠤᠯ ᠤᠨ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ | ᠂ ᠴᠠᠬᠢᠯᠭᠠᠨ ᠬᠤᠯᠪᠣᠭᠠᠨ ᠤ ᠺᠣᠮᠫᠠᠨᠢ᠃ | ᠤᠳᠤᠷᠢᠳᠤᠯᠭ᠎ᠠ ᠶᠢᠨ ᠲᠣᠪᠴᠢ ᠲᠠᠨᠢᠯᠴᠠᠭᠤᠯᠭ᠎ᠠ | ᠯᠢ ᠵᠢᠶᠠᠨ ᠾᠦᠢ᠂ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 9 ᠰᠠᠷ᠎ᠠ ᠳᠤ ᠲᠦᠷᠦᠵᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 2007 ᠣᠨ ᠤ 7 ᠰᠠᠷ᠎ᠠ ᠳᠤ ᠵᠡᠭᠦᠨ ᠬᠤᠶᠢᠲᠤ ᠶᠢᠨ | ᠤᠢ ᠰᠢᠭᠤᠶ ᠶᠢᠨ ᠶᠡᠭᠡ ᠰᠤᠷᠭᠠᠭᠤᠯᠢ ᠶᠢᠨ ᠰᠢᠷᠣᠶ ᠮᠣᠳᠣᠨ ᠤ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ | ᠢᠨᠵᠧᠨᠧᠷᠢᠩ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠴᠡᠶ᠃ | 2008 ᠣᠨ ᠤ 1 ᠳ᠋ᠤᠭᠡᠷ ᠰᠠᠷ᠎ᠠ ᠠᠴᠠ 2012 ᠣᠨ ᠤ 10 ᠳ᠋ᠤᠭᠠᠷ ᠰᠠᠷ᠎ᠠ ᠪᠣᠯᠲᠠᠯ᠎ᠠ ᠲᠦᠩᠯᠢᠶᠣᠤ | ᠬᠤᠲᠠ ᠶᠢᠨ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠭᠤᠤᠯᠳᠠᠯᠭ᠎ᠠ ᠲᠠᠢ ᠢᠨᠵᠧᠨᠧᠷᠢᠩ ᠤᠨ ᠰᠠᠯᠠᠭᠠᠨ ᠤ ᠺᠠᠳ᠋ᠷ | 2012 ᠣᠨ ᠤ 10 ᠰᠠᠷ᠎ᠠ ᠠᠴᠠ 2016 ᠣᠨ ᠤ 11 ᠰᠠᠷ᠎ᠠ ᠪᠣᠯᠲᠠᠯ᠎ᠠ ᠲᠦᠩᠯᠢᠶᠣᠤ ᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠥᠪᠯᠡᠯ ᠤᠨ ᠭᠤᠤᠯᠳᠠᠯᠭ᠎ᠠ ᠲᠠᠢ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠰᠠᠯᠠᠭᠠᠨ ᠤ ᠳᠡᠳ᠋ ᠰᠠᠯᠠᠭᠠᠨ ᠲᠠᠷᠤᠭ᠎ᠠ | 2015 ᠣᠨ ᠤ 10 ᠰᠠᠷ᠎ᠠ ᠠᠴᠠ 2016 ᠣᠨ ᠤ 10 ᠰᠠᠷ᠎ᠠ ᠪᠣᠯᠲᠠᠯ᠎ᠠ᠂ ᠬᠤᠷᠴᠢᠨ ᠵᠡᠭᠦᠨ ᠭᠠᠷᠤᠨ ᠳᠤᠮᠳᠠᠳᠤ | ᠬᠤᠰᠢᠭᠤᠨ ᠤ ᠱᠧᠪᠡᠷᠳᠦ ᠪᠠᠯᠭᠠᠰᠤᠨ ᠤ ᠲᠦᠷ ᠴᠠᠭ ᠳᠡᠳ᠋ ᠪᠠᠯᠭᠠᠰᠤᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ | ᠪᠠᠯᠭᠠᠰᠤᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠮᠵᠢᠨ ᠬᠠᠷᠢᠭᠤᠴᠠᠪᠠ | 2016 ᠣᠨ ᠤ 11 ᠰᠠᠷ᠎ᠠ ᠠᠴᠠ 2019 ᠣᠨ ᠤ 11 ᠰᠠᠷ᠎ᠠ ᠪᠣᠯᠲᠠᠯ᠎ᠠ ᠲᠦᠩᠯᠢᠶᠣᠤ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠭᠤᠤᠯᠳᠠᠯᠭ᠎ᠠ ᠲᠠᠢ | ᠢᠨᠵᠧᠨᠧᠷᠢᠩ ᠤᠨ ᠰᠠᠯᠠᠭᠠᠨ ᠤ ᠡᠷᠬᠢᠯᠡᠭᠴᠢ ᠭᠡᠰᠢᠭᠦᠴᠢ | 2019 ᠣᠨ ᠤ 11 ᠰᠠᠷ᠎ᠠ ᠠᠴᠠ 2021 ᠣᠨ ᠤ 7 ᠰᠠᠷ᠎ᠠ ᠪᠣᠯᠲᠠᠯ᠎ᠠ ᠲᠦᠩᠯᠢᠶᠣᠤ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭᠠᠨ ᠤ ᠰᠠᠯᠠᠭᠠᠨ ᠳᠠᠷᠤᠭ᠎ᠠ | 2021 ᠣᠨ ᠤ 7 ᠰᠠᠷ᠎ᠠ ᠠᠴᠠ ᠣᠲᠣ ᠪᠣᠯᠲᠠᠯ᠎ᠠ᠂ ᠬᠤᠤᠯᠢᠨ ᠭᠤᠤᠯ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠳᠡᠳ᠋ ᠬᠤᠲᠠ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠨ᠎ᠠ᠃ |