ᠵᠣᠣ ᠶᠢᠩ
ᠨᠡᠶᠢᠲᠡᠯᠡᠭᠰᠡᠨ ᠴᠠᠭ᠄
2021/5/3
    ᠵᠣᠣ ᠶᠢᠩ᠂ ᠬᠢᠳᠠᠳ ᠦᠨᠳᠦᠰᠦᠳᠠᠨ᠂ ᠡᠮᠡᠭᠳᠡᠢ᠂ 1977 ᠣᠨ ᠤ 12 ᠰᠠᠷ᠎ᠠ ᠳᠤ ᠳᠦᠷᠦᠪᠡ᠂ ᠲᠦᠩᠯᠢᠶᠣᠣ ᠬᠤᠳᠠ ᠶᠢᠨ ᠬᠦᠮᠦᠨ᠂ 2004 ᠣᠨ ᠳᠤ ᠳᠣᠮᠳᠠᠳᠣ ᠣᠯᠣᠰ ᠤᠨ ᠡᠪ ᠬᠠᠮᠳᠣ ᠨᠠᠮ ᠳᠤ ᠡᠯᠰᠡᠭᠳᠡᠵᠣ ᠂ ᠦᠪᠦᠷ ᠮᠣᠩᠭᠤᠯ ᠤᠨ ᠦᠨᠳᠦᠰᠦᠳᠠᠨ ᠤ ᠶᠡᠭᠡ ᠰᠣᠷᠭᠠᠭᠤᠯᠢ ᠶᠢᠨ ᠬᠢᠳᠠᠳ ᠬᠡᠯᠡᠨ ᠤ ᠮᠡᠷᠬᠡᠵᠢᠯ ᠤᠨ ᠠᠩᠬᠢ ᠳᠤ ᠰᠣᠷᠣᠯᠴᠠᠵᠣ᠂ ᠠᠵᠢᠯ ᠤᠨ ᠪᠠᠶᠢᠷᠢᠨ ᠳᠡᠭᠡᠷᠡᠬᠢ ᠠᠰᠫᠢᠷᠠᠨᠲ ᠤᠨ ᠰᠣᠷᠣᠯᠭ᠎ᠠ ᠶᠢᠨ ᠨᠠᠮᠳᠠᠷ ᠲᠠᠢ᠃    1996 ᠣᠨ ᠤ 8 ᠰᠠᠷ᠎ᠠ ᠠᠴᠠ 2003 ᠣᠨ ᠤ 3 ᠰᠠᠷ᠎ᠠ ᠬᠦᠷᠳᠡᠯ᠎ᠡ ᠦᠪᠦᠷ ᠮᠣᠩᠭᠤᠯ ᠤᠨ ᠲᠦᠩᠯᠢᠶᠣᠣ ᠬᠤᠳᠠ ᠶᠢᠨ ᠮᠢᠩ ᠷᠧᠨ ᠪᠠᠭ᠎ᠠ ᠰᠣᠷᠭᠠᠭᠤᠯᠢ ᠳᠤ ᠪᠠᠭᠰᠢᠯᠠᠪᠠ᠃    2003 ᠣᠨ ᠤ 3 ᠰᠠᠷ᠎ᠠ ᠠᠴᠠ 2004 ᠣᠨ ᠤ 6 ᠰᠠᠷ᠎ᠠ ᠬᠦᠷᠳᠡᠯ᠎ᠡ ᠦᠪᠦᠷ ᠮᠣᠩᠭᠤᠯ ᠤᠨ ᠲᠦᠩᠯᠢᠶᠣᠣ ᠬᠤᠳᠠ ᠶᠢᠨ ᠬᠤᠷᠴᠢᠨ ᠳᠣᠭᠤᠷᠢᠭ ᠤᠨ ᠣᠬᠠᠭᠤᠯᠬᠤ ᠬᠡᠯᠳᠡᠰ ᠲᠤ ᠠᠵᠢᠯᠯᠠᠪᠠ᠃              2004 ᠣᠨ ᠤ 6 ᠰᠠᠷ᠎ᠠ ᠠᠴᠠ 2006 ᠣᠨ ᠤ 10 ᠰᠠᠷ᠎ᠠ ᠬᠦᠷᠳᠡᠯ᠎ᠡ ᠦᠪᠦᠷ ᠮᠣᠩᠭᠤᠯ ᠤᠨ ᠲᠦᠩᠯᠢᠶᠣᠣ ᠬᠤᠳᠠ ᠶᠢᠨ ᠬᠤᠷᠴᠢᠨ ᠳᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠷᠢᠨ ᠪᠢᠴᠢᠭᠡᠴᠢ ᠪᠠᠷ ᠠᠵᠢᠯᠯᠠᠪᠠ᠃    2006 ᠣᠨ ᠤ 10 ᠰᠠᠷ᠎ᠠ ᠠᠴᠠ 2010 ᠣᠨ ᠤ 1 ᠰᠠᠷ᠎ᠠ ᠬᠦᠷᠳᠡᠯ᠎ᠡ  ᠦᠪᠦᠷ ᠮᠣᠩᠭᠤᠯ ᠤᠨ ᠲᠦᠩᠯᠢᠶᠣᠣ ᠬᠤᠳᠠ ᠶᠢᠨ ᠬᠤᠷᠴᠢᠨ ᠳᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠪᠠ᠃    2010 ᠣᠨ ᠤ 1 ᠰᠠᠷ᠎ᠠ ᠠᠴᠠ 2013 ᠣᠨ ᠤ 4 ᠰᠠᠷ᠎ᠠ ᠬᠦᠷᠳᠡᠯ᠎ᠡ ᠦᠪᠦᠷ ᠮᠣᠩᠭᠤᠯ ᠤᠨ ᠲᠦᠩᠯᠢᠶᠣᠣ ᠬᠤᠳᠠ ᠶᠢᠨ ᠬᠤᠷᠴᠢᠨ ᠳᠣᠭᠤᠷᠢᠭ ᠤᠨ ᠵᠡᠬᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠠᠷ ᠠᠵᠢᠯᠯᠠᠪᠠ᠃    2013 ᠣᠨ ᠤ 4 ᠰᠠᠷ᠎ᠠ ᠠᠴᠠ 2017 ᠣᠨ ᠤ 10 ᠰᠠᠷ᠎ᠠ ᠬᠦᠷᠳᠡᠯ᠎ᠡ ᠦᠪᠦᠷ ᠮᠣᠩᠭᠤᠯ ᠤᠨ ᠲᠦᠩᠯᠢᠶᠣᠣ ᠬᠤᠳᠠ ᠶᠢᠨ ᠬᠤᠷᠴᠢᠨ ᠳᠣᠭᠤᠷᠢᠭ ᠤᠨ ᠡᠮᠡᠭᠳᠡᠶᠢᠴᠣᠳ ᠤᠨ ᠬᠤᠯᠪᠣᠭ᠎ᠠ ᠶᠢᠨ ᠨᠠᠮ ᠤᠨ ᠳᠣᠭᠤᠶᠢᠯᠠᠩ ᠤᠨ ᠱᠦᠵᠢ᠂ ᠡᠮᠡᠭᠳᠡᠶᠢᠴᠣᠳ ᠤᠨ ᠬᠤᠯᠪᠣᠭ᠎ᠠ ᠶᠢᠨ ᠳᠡᠷᠢᠬᠦᠯᠡᠭᠴᠢ ᠪᠠᠷ ᠠᠵᠢᠯᠯᠠᠪᠠ᠃    2017 ᠣᠨ ᠤ 10 ᠰᠠᠷ᠎ᠠ ᠠᠴᠠ ᠦᠨᠦᠳᠦᠷ ᠪᠣᠯᠳᠠᠯ᠎ᠠ ᠦᠪᠦᠷ ᠮᠣᠩᠭᠤᠯ ᠤᠨ ᠬᠤᠣᠯᠢᠩᠭᠤᠣᠯ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠳᠡᠰ ᠤᠨ ᠳᠠᠷᠤᠭ᠎ᠠ ᠶᠢᠨ ᠳᠣᠰᠢᠶᠠᠯ ᠢ ᠡᠬᠦᠷᠬᠡᠯᠡᠵᠣ ᠪᠠᠶᠢᠨ᠎ᠠ᠃
 
ᠢᠷᠡᠯᠲᠡ᠄ ᠬᠤᠤᠯᠢᠩᠭᠣᠣᠯ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号