ᠮᠦᠰᠦᠳᠠᠢ ᠵᠡᠭᠡᠯᠢ ᠭᠤᠳᠤᠮᠵᠢ ᠶᠢᠨ ᠬᠢᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠡᠭᠡ ᠲᠠᠯ᠎ᠠ ᠶᠢᠨ | ᠲᠣᠭᠤᠷᠢᠨ ᠳᠤ᠂ ︽ᠴᠠᠭ ᠲᠤᠬᠠᠢ ᠳᠤᠨᠢ ᠢᠯᠡᠷᠡᠭᠦᠯᠬᠦ᠂ ᠴᠠᠭ ᠲᠤᠬᠠᠢ ᠳᠤᠨᠢ ᠠᠷᠢᠯᠭᠠᠬᠤ︾ ᠴᠢᠭᠯᠡᠯᠲᠡ ᠶᠢ | ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠠᠵᠢᠯ ᠢ ᠨᠠᠷᠢᠨ | ᠬᠢᠨᠠᠮᠠᠭᠠᠢ ᠥᠷᠨᠢᠭᠦᠯᠵᠦ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠡᠭᠡᠯᠢ ᠲᠣᠭᠤᠷᠢᠭ ᠤᠨ ᠡᠶ᠎ᠡ ᠵᠣᠬᠢᠴᠠᠩᠭᠤᠢ ᠶᠢ ᠠᠬᠢᠭᠤᠯᠵᠠᠢ᠃ | | | | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠡᠶᠡᠳᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠤᠯᠠᠮ ᠨᠢᠭᠡ ᠠᠯᠬᠤᠮ ᠪᠠᠶᠢᠭᠤᠯᠤᠨ | ᠪᠦᠷᠢᠨᠰᠢᠬᠦᠯᠵᠦ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠭᠦᠯᠵᠦ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠᠷ ᠪᠠᠶᠢᠩᠭᠤ ᠶᠢᠨ ᠳᠡᠳ᠋ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢᠶᠠᠷ | ᠪᠦᠷᠢᠯᠳᠦᠬᠦᠨ ᠪᠣᠯᠭᠠᠨ᠎ᠠ᠃ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠂ ᠡᠭᠦᠷᠭᠡ ᠶᠢᠨ ᠬᠠᠷᠠᠯᠲᠠ ᠶᠢ | ᠲᠣᠳᠣᠷᠬᠠᠶᠢᠯᠠᠵᠤ᠂ ᠪᠣᠳᠠᠲᠠᠶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ | ᠡᠶᠡᠳᠡᠭᠦᠯᠦᠨ ᠰᠢᠢᠳᠪᠦᠷᠢᠯᠡᠬᠦ ᠠᠵᠢᠯᠯᠠᠭ᠎ᠠ ᠶᠢ ᠠᠯᠬᠤᠮ ᠳᠠᠷᠠᠭ᠎ᠠ ᠲᠠᠢ ᠪᠠᠷ ᠡᠮᠬᠢ ᠵᠢᠷᠤᠮ ᠲᠠᠢ ᠪᠠᠷ ᠥᠷᠨᠢᠭᠦᠯᠬᠦ ᠶᠢ | ᠪᠠᠲᠤᠯᠠᠬᠤ ᠬᠡᠷᠡᠭᠲᠡᠶ᠃ | ᠮᠡᠳᠡᠭᠡ ᠵᠠᠩᠭᠢᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠷᠢᠶ᠎ᠠ ᠣᠷᠣᠨ ᠤ 5 ᠨᠡᠶᠢᠭᠡᠮ | ᠲᠣᠭᠤᠷᠢᠭ ᠲᠤ ᠮᠡᠳᠡᠭᠡ ᠵᠠᠩᠭᠢᠴᠢᠳ ᠤᠨ ᠡᠩᠨᠡᠭᠡ ᠶᠢ ᠪᠠᠶᠢᠭᠤᠯᠵᠤ᠂ ᠬᠥᠮᠦᠰ ᠤᠨ ᠲᠦᠷᠦᠯ ᠢᠯᠭᠠᠯ ᠨᠢ ᠨᠡᠶᠢᠭᠡᠮ | ᠲᠣᠭᠤᠷᠢᠭ ᠤᠨ ᠺᠠᠳ᠋ᠷ᠂ ᠨᠠᠮ ᠤᠨ ᠭᠡᠰᠢᠭᠦᠨ᠂ ᠠᠰᠠᠷ ᠤᠨ ᠳᠠᠷᠤᠭ᠎ᠠ ᠪᠠ ᠬᠠᠯᠠᠭᠤᠨ ᠰᠡᠳᠬᠢᠯᠲᠦ ᠤᠯᠠᠨ ᠲᠦᠮᠡᠨ ᠢ | ᠬᠠᠮᠤᠷᠴᠤ᠂ ᠨᠡᠶᠢᠭᠡᠮ ᠲᠣᠭᠤᠷᠢᠭ ᠤᠨ ᠺᠠᠳ᠋ᠷ᠂ ᠤᠯᠠᠨ ᠲᠦᠮᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ | ᠵᠥᠷᠢᠴᠡᠯ ᠤᠨ ᠴᠤᠬᠤᠶᠢᠯᠲᠠ ᠶᠢ ᠴᠠᠭ ᠲᠤᠬᠠᠶ ᠳᠤᠨᠢ ᠣᠯᠵᠤ ᠮᠡᠳᠡᠨ᠂ ᠴᠠᠭ ᠲᠤᠬᠠᠶ ᠳᠤᠨᠢ ᠨᠡᠪᠲᠡᠷᠡᠯᠴᠡᠨ | ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠪᠡ᠃ | ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠤᠤᠯᠳᠠᠯᠭ᠎ᠠ ᠶᠢ ᠳᠣᠪᠤᠶᠢᠯᠭᠠᠨ᠎ᠠ᠃ ᠵᠥᠷᠢᠴᠡᠯ | ᠵᠢᠭᠤᠷᠠᠯᠳᠤᠭᠠᠨ ᠢ ᠰᠠᠷ᠎ᠠ ᠪᠦᠷᠢ ᠵᠢᠭᠰᠠᠭᠠᠨ ᠪᠠᠶᠢᠴᠠᠭᠠᠬᠤ ᠵᠢᠴᠢ ᠳᠡᠭᠡᠭᠰᠢ ᠮᠡᠳᠡᠭᠦᠯᠬᠦ ᠲᠦᠷᠢᠮ ᠢ ᠪᠠᠶᠢᠭᠤᠯᠵᠤ᠂ | ᠭᠤᠤᠯᠳᠠᠯᠭ᠎ᠠ ᠲᠠᠢ ᠬᠠᠮᠲᠤᠯᠢᠭ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ | ᠭᠤᠤᠯᠳᠠᠯᠭ᠎ᠠ ᠲᠠᠢ ᠣᠷᠣᠨ ᠪᠠᠶᠢᠷᠢ ᠶᠢᠨ ᠰᠡᠷᠭᠡᠶᠢᠯᠡᠯᠲᠡ ᠶᠢ ᠪᠣᠳᠠᠲᠠᠶᠢᠵᠢᠭᠤᠯᠵᠤ᠂ ᠵᠥᠷᠢᠴᠡᠯ ᠵᠢᠭᠤᠷᠠᠯᠳᠤᠭᠠᠨ ᠤ | ᠦᠨᠳᠦᠰᠦ ᠰᠤᠷᠪᠤᠯᠵᠢ ᠶᠢᠨ ᠠᠰᠠᠭᠤᠳᠠᠯ ᠢ ᠦᠨᠡᠨᠬᠦ ᠲᠣᠳᠣᠷᠬᠠᠶ ᠣᠶᠢᠯᠠᠭᠠᠬᠤ ᠬᠡᠷᠡᠭᠲᠡᠶ᠃ ᠵᠢᠭᠰᠠᠭᠠᠨ ᠪᠠᠶᠢᠴᠠᠭᠠᠵᠤ | ᠭᠠᠷᠭᠠᠭᠰᠠᠨ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠳᠡᠩᠰᠡᠯᠡᠨ | ᠲᠡᠮᠳᠡᠭᠯᠡᠵᠦ᠂ ᠡᠬᠡ ᠲᠠᠩᠰᠠ ᠪᠠᠶᠢᠭᠤᠯᠤᠨ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠭᠤᠤᠯᠳᠠᠯᠭ᠎ᠠ ᠶᠢ | ᠲᠣᠭᠲᠠᠭᠠᠨ᠎ᠠ᠃ ᠣᠲᠣ ᠪᠣᠯᠲᠠᠯ᠎ᠠ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠨᠡᠶᠢᠲᠡ 89 ᠬᠤᠪᠢ | ᠵᠢᠭᠰᠠᠭᠠᠨ ᠪᠠᠶᠢᠴᠠᠭᠠᠵᠤ᠂ 81 ᠬᠤᠪᠢ ᠶᠢ ᠨᠢ ᠠᠮᠵᠢᠯᠲᠠ ᠲᠠᠢ ᠪᠠᠷ ᠰᠢᠢᠳᠪᠦᠷᠢᠯᠡᠵᠠᠢ᠃ |