ᠬᠠᠷᠢᠶ᠎ᠠ ᠣᠷᠣᠨ ᠳᠠᠬᠢ ᠵᠠᠯᠠᠭᠤᠴᠤᠳ ᠪᠠᠭᠠᠴᠤᠳ ᠤᠨ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ | ᠴᠢᠩᠭᠠᠳᠬᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠯᠢᠦᠶ ᠬᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠬᠠᠷᠢᠶ᠎ᠠ ᠣᠷᠣᠨ ᠳᠠᠭᠠᠨ ᠠᠯᠪᠠᠨ ᠵᠢᠷᠤᠮ ᠤᠨ ᠬᠤᠭ ᠨᠣᠪᠰᠢ | ᠲᠡᠭᠦᠬᠦ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠳᠠᠬᠢ 10 ᠭᠠᠷᠤᠢ ᠵᠠᠯᠠᠭᠤᠴᠤᠳ ᠪᠠᠭᠠᠴᠤᠳ ᠣᠷᠣᠯᠴᠠᠵᠠᠢ᠃ | | | | | ᠠᠵᠢᠯᠯᠠᠭ᠎ᠠ ᠶᠢᠨ ᠳᠤᠮᠳᠠ᠂ ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠭᠠᠨ ᠤᠭᠤᠵᠢ ᠡᠮᠦᠰᠴᠦ᠂ | ᠭᠠᠷ ᠲᠠᠭᠠᠨ ᠬᠤᠭ ᠤᠨ ᠤᠭᠤᠲᠠ᠂ ᠱᠦᠭᠦᠷ ᠵᠡᠷᠭᠡ ᠡᠷᠡᠭᠦᠯ ᠬᠠᠮᠠᠭᠠᠯᠠᠯ ᠤᠨ ᠪᠠᠭᠠᠵᠢ ᠬᠡᠷᠡᠭᠰᠡᠯ ᠢ ᠪᠠᠷᠢᠵᠤ᠂ | ᠨᠡᠶᠢᠭᠡᠮ ᠲᠣᠭᠤᠷᠢᠭ ᠤᠨ ᠠᠵᠢᠯᠲᠠᠳ ᠤᠨ ᠲᠠᠭᠠᠭᠤᠯᠭ᠎ᠠ ᠪᠠᠷ ᠬᠠᠷᠢᠶ᠎ᠠ ᠲᠣᠭᠤᠷᠢᠭ ᠤᠨ ᠵᠡᠭᠡᠯᠢ ᠳᠠᠭᠠᠤ ᠶᠢᠨ ᠵᠦᠯᠭᠡ | ᠪᠣᠯᠤᠨ ᠵᠠᠮ ᠤᠨ ᠭᠠᠳᠠᠷᠭᠤ ᠶᠢᠨ ᠴᠠᠭᠠᠰᠤᠨ ᠦᠷᠦᠪᠳᠡᠰᠦ᠂ ᠵᠢᠮᠢᠰ ᠤᠨ ᠬᠠᠯᠢᠰᠤ᠂ ᠭᠠᠩᠰᠠ᠂ ᠢᠳᠡᠭᠡᠨ ᠤ | ᠬᠤᠭ ᠤᠨ ᠤᠭᠤᠲᠠ ᠵᠡᠷᠭᠡ ᠠᠮᠢᠳᠤᠷᠠᠯ ᠤᠨ ᠬᠤᠭ ᠨᠣᠪᠰᠢ ᠶᠢ ᠲᠡᠭᠦᠵᠦ ᠠᠪᠤᠪᠠ᠂ ᠤᠯᠠᠨ ᠢᠶᠠᠷ ᠢᠶᠠᠨ | ᠪᠤᠵᠠᠷᠲᠤᠬᠤ ᠠᠴᠠ ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠪᠠᠷ ᠰᠠᠭᠤᠭᠠᠯᠢ ᠠᠷᠠᠳ ᠤᠨ | ᠲᠣᠭᠤᠷᠢᠭ ᠤᠨ ᠥᠨᠴᠥᠭ ᠪᠤᠯᠤᠩ ᠪᠦᠬᠦᠨ ᠢ ᠴᠡᠪᠡᠷᠯᠡᠵᠦ ᠪᠠᠶᠢᠯ᠎ᠠ᠃ ᠨᠢᠭᠡ ᠴᠠᠭ ᠭᠠᠷᠤᠶ ᠶᠢᠨ ᠴᠡᠪᠡᠷᠯᠡᠯᠲᠡ ᠪᠠᠷ | ᠳᠡᠮᠵᠢᠨ᠂ ᠵᠢᠵᠢᠭ ᠲᠣᠭᠤᠷᠢᠭ ᠤᠨ ᠠᠷᠢᠭᠤᠨ ᠴᠡᠪᠡᠷ ᠤᠨ ᠣᠷᠴᠢᠨ ᠲᠣᠭᠤᠷᠢᠨ ᠤᠯᠠᠮ ᠨᠢᠭᠡ ᠠᠯᠬᠤᠮ ᠰᠠᠶᠢᠵᠢᠷᠠᠪᠠ᠃ | ︽ᠪᠢᠳᠡ ᠬᠥᠮᠦᠨ ᠪᠣᠯᠭᠠᠨ ᠬᠤᠳᠠ ᠶᠢᠨ ᠪᠢᠴᠢᠬᠠᠨ ᠬᠠᠮᠠᠭᠠᠯᠠᠭᠴᠢ ᠪᠣᠯᠬᠤ ᠪᠠᠷ ᠴᠢᠷᠮᠠᠶᠢᠵᠤ᠂ ᠬᠤᠳᠠ ᠶᠢᠨ | ᠣᠷᠴᠢᠨ ᠲᠣᠭᠤᠷᠢᠨ ᠢ ᠭᠤᠶᠤᠵᠢᠭᠤᠯᠬᠤ ᠳᠤ ᠬᠦᠴᠦ ᠪᠠᠨ ᠡᠷᠭᠦᠪᠡᠯ ᠵᠣᠬᠢᠨ᠎ᠠ︾ ᠭᠡᠵᠦ ᠠᠯᠪᠠᠨ ᠵᠢᠷᠤᠮ ᠤᠨ | ᠬᠥᠳᠡᠯᠮᠦᠷᠢ ᠳᠤ ᠣᠷᠣᠯᠴᠠᠭᠰᠠᠨ ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ ᠯᠢ ᠯᠢ ᠪᠠᠶᠠᠷᠲᠠᠢ ᠪᠠᠷ ᠬᠡᠯᠡᠪᠡ᠃ |