ᠰᠠᠭᠤᠭᠠᠯᠢ ᠠᠷᠠᠳ ᠲᠤ ᠴᠡᠪᠡᠷ ᠲᠡᠭᠰᠢ ᠡᠮᠬᠢ ᠳᠢᠭᠯᠢᠮ ᠲᠠᠢ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ | ᠲᠣᠭᠤᠷᠢᠨ ᠢ ᠪᠦᠷᠢᠯᠳᠦᠭᠦᠯᠵᠦ ᠥᠭᠬᠦ ᠶᠢᠨ ᠲᠥᠯᠥᠭᠡ᠂ ᠣᠶᠢᠷ᠎ᠠ ᠳᠤ᠂ ᠰᠢᠨ᠎ᠡ ᠯᠢᠤ ᠱᠢ ᠳ᠋ᠦᠩ ᠨᠡᠶᠢᠭᠡᠮ | ᠲᠣᠭᠤᠷᠢᠭ ᠤᠨ ᠬᠢᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠭᠤᠤᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠦᠷᠭᠦᠯᠵᠢᠯᠡᠨ ᠴᠡᠭᠴᠡᠯᠡᠨ ᠵᠠᠰᠠᠪᠠ᠃ | | | | | ᠴᠡᠭᠴᠡᠯᠡᠨ ᠵᠠᠰᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠨᠣᠭᠤᠭᠠᠨ ᠪᠦᠷᠢᠳᠦ ᠵᠢᠵᠢᠭ | ᠲᠣᠭᠤᠷᠢᠭ ᠤᠨ ᠬᠡᠰᠡᠭ ᠰᠠᠭᠤᠭᠠᠯᠢ ᠡᠷᠦᠬᠡ ᠶᠢᠨ ᠵᠠᠰᠠᠵᠤ ᠴᠢᠮᠡᠭᠯᠡᠭᠰᠡᠨ ᠠᠴᠠ ᠪᠣᠯᠵᠣ ᠶᠡᠭᠡ ᠬᠡᠮᠵᠢᠶᠡᠨ ᠤ ᠬᠠᠭᠠᠷᠬᠠᠶ | ᠲᠣᠭᠤᠰᠬ᠎ᠠ ᠭᠠᠷᠴᠤ᠂ ᠮᠣᠳᠣᠨ ᠬᠠᠪᠲᠠᠰᠤ ᠵᠡᠷᠭᠡ ᠪᠠᠷᠢᠯᠭ᠎ᠠ ᠶᠢᠨ ᠬᠤᠭ ᠨᠣᠪᠰᠢ ᠶᠢᠨ ᠣᠪᠣᠭᠠᠨ ᠤ 9᠂ 11᠂ | 13 ᠳ᠋ᠤᠭᠠᠷ ᠠᠰᠠᠷ ᠤᠨ ᠬᠡᠷᠡᠮ ᠤᠨ ᠬᠤᠷᠮᠣᠶ ᠳᠤ ᠲᠠᠯᠪᠢᠭᠰᠠᠨ ᠢ ᠣᠯᠵᠤ ᠮᠡᠳᠡᠵᠡᠶ᠃ ᠣᠷᠳᠣ ᠬᠤᠭᠤᠴᠠᠭ᠎ᠠ ᠪᠠᠷ | ᠴᠡᠪᠡᠷᠯᠡᠭᠰᠡᠨ ᠥᠬᠡᠶ ᠠᠴᠠ ᠪᠣᠯᠵᠣ᠂ ᠶᠡᠭᠡ ᠰᠠᠯᠬᠢᠨ ᠲᠠᠢ ᠠᠭᠤᠷ ᠠᠮᠢᠰᠬᠤᠯ ᠪᠣᠯ ᠠᠮᠠᠷᠬᠠᠨ ᠲᠣᠭᠤᠰᠣ ᠰᠢᠷᠣᠶ | ᠳᠡᠭᠳᠡᠵᠦ᠂ ᠪᠣᠷᠣᠭᠠᠨ ᠬᠤᠷ᠎ᠠ ᠠᠷᠪᠢᠳᠬᠤ ᠦᠶ᠎ᠡ ᠳᠤ ᠢᠯᠠᠭ᠎ᠠ ᠪᠠᠲᠠᠭᠠᠨ᠎ᠠ ᠪᠣᠶ ᠪᠣᠯᠵᠣ᠂ ᠰᠠᠭᠤᠭᠠᠯᠢ ᠠᠷᠠᠳ ᠤᠨ | ᠠᠮᠢᠳᠤᠷᠠᠯ ᠳᠤ ᠮᠠᠰᠢ ᠶᠡᠭᠡ ᠬᠦᠴᠢᠷᠳᠡᠯ ᠤᠴᠠᠷᠠᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ | ᠲᠣᠭᠤᠷᠢᠨ ᠢ ᠨᠥᠯᠥᠭᠡᠯᠡᠬᠦ ᠪᠠᠷ ᠪᠠᠷᠠᠬᠤ ᠥᠬᠡᠶ ᠪᠠᠰᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ᠃ | ᠡᠨᠡ ᠬᠦ ᠠᠰᠠᠭᠤᠳᠠᠯ ᠳᠤ ᠴᠢᠭᠯᠡᠭᠦᠯᠦᠨ᠂ ᠨᠡᠶᠢᠭᠡᠮ ᠲᠣᠭᠤᠷᠢᠭ ᠤᠨ ᠱᠦᠵᠢ ᠲᠡᠷᠡ ᠳᠠᠷᠤᠶ ᠳᠤᠨᠢ ᠤᠯᠠᠨ ᠲᠠᠯ᠎ᠠ ᠠᠴᠠ | ᠲᠤᠰᠠᠯᠠᠮᠵᠢ ᠣᠯᠵᠤ᠂ ᠨᠢᠭᠡᠴᠢ ᠶᠢᠨ ᠤᠮᠠᠷᠠᠲᠤ ᠵᠠᠳᠠᠭᠠᠶ ᠠᠭᠤᠷᠬᠠᠶ ᠪᠠ ᠣᠷᠴᠢᠨ ᠠᠬᠤᠶ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠬᠠᠮᠲᠤᠷᠠᠨ ᠪᠠᠶᠢᠭᠤᠯᠵᠤ᠂ ᠰᠢᠢᠳᠪᠦᠷᠢᠯᠡᠬᠦ ᠲᠥᠰᠦᠯ ᠲᠣᠭᠲᠠᠭᠠᠵᠤ᠂ | ᠤᠳᠬᠤᠭᠤᠷ ᠲᠡᠷᠭᠡ ᠪᠠ ᠬᠤᠭ ᠨᠣᠪᠰᠢ ᠶᠢᠨ ᠲᠡᠷᠭᠡ ᠶᠢ ᠠᠰᠢᠭᠯᠠᠨ ᠨᠣᠭᠤᠭᠠᠨ ᠪᠦᠷᠢᠳᠦ ᠶᠢᠨ ᠵᠢᠵᠢᠭ | ᠲᠣᠭᠤᠷᠢᠭ ᠤᠨ ᠳᠣᠲᠣᠷᠠᠬᠢ 6 ᠬᠡᠰᠡᠭ ᠪᠠᠷᠢᠯᠭ᠎ᠠ ᠶᠢᠨ ᠬᠤᠭ ᠨᠣᠪᠰᠢ ᠪᠠ ᠡᠯᠳᠡᠪ ᠶᠠᠭᠤᠮ᠎ᠠ ᠶᠢ ᠪᠦᠬᠦᠨ ᠢ ᠴᠡᠪᠡᠷᠯᠡᠨ | ᠠᠷᠢᠯᠭᠠᠵᠤ᠂ ᠰᠠᠭᠤᠭᠠᠯᠢ ᠠᠷᠠᠳ ᠤᠨ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ |