8 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠡᠳ᠋ ᠬᠤᠲᠠ ᠶᠢᠨ ᠳᠠᠷᠤᠭ᠎ᠠ᠂ ᠣᠷᠣᠯᠠᠭᠴᠢ ᠬᠤᠲᠠ ᠶᠢᠨ ᠳᠠᠷᠤᠭ᠎ᠠ ᠵᠢᠢ ᠬᠠᠶ ᠶᠠᠩ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠤᠲᠠ ᠶᠢᠨ ᠪᠠᠯᠠ ᠣᠷᠣᠭᠤᠯᠤᠯᠲᠠ ᠶᠢᠨ | ᠺᠣᠮᠫᠠᠨᠢ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠢ ᠳᠠᠭᠠᠭᠤᠯᠤᠨ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠳᠥᠯᠭᠢᠨ ᠠᠬᠢᠭᠤᠯᠪᠠ᠃ | | | | | ᠵᠢᠢ ᠬᠠᠢ ᠶᠠᠩ ᠨᠠᠷ ᠤᠷᠢᠳ ᠬᠤᠵᠢᠳ ᠬᠤᠩ ᠵᠢᠶᠦ᠋ᠨ ᠴᠠᠬᠢᠯᠭᠠᠨ ᠦᠢᠯᠡᠳᠪᠦᠷᠢ᠂ ᠰᠢᠤᠢ ᠶᠠᠩ ᠤᠨ | ᠰᠢᠨ᠎ᠡ ᠮᠠᠲ᠋ᠧᠷᠢᠶᠠᠯ᠂ ᠶᠠ ᠡᠸᠤ ᠬᠦᠩᠭᠡᠨᠴᠠᠭᠠᠨ ᠤ ᠮᠠᠲ᠋ᠧᠷᠢᠶᠠᠯ᠂ ᠶᠢᠨ ᠾᠦᠢ ᠨᠤᠨᠲᠠᠭ᠂ ᠲᠧᠩ ᠶᠤᠸᠠᠨ ᠳ᠋ᠠ | ᠰᠢᠭᠠᠷᠤ ᠵᠠᠰᠠᠬᠤ᠂ ᠬᠤᠩ ᠵᠢᠶᠦ᠋ᠨ ᠬᠦᠩᠭᠡᠨᠴᠠᠭᠠᠨ ᠦᠢᠯᠡᠳᠪᠦᠷᠢ᠂ 10KV ᠴᠠᠩ ᠱᠧᠩ ᠱᠤᠭᠤᠮ᠂ | ᠵᠢᠦᠵᠸᠦ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ 8 ᠭᠤᠣᠯᠳᠠᠯᠭ᠎ᠠ ᠲᠠᠢ ᠲᠦᠷᠦᠯ ᠵᠦᠢᠯ ᠤᠨ ᠲᠤᠬᠠᠢ ᠶᠢᠨ | ᠲᠠᠯᠠᠪᠠᠢ ᠳᠤ ᠬᠦᠷᠴᠦ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ᠂ ᠪᠠᠷᠢᠯᠭ᠎ᠠ ᠡᠬᠢᠯᠡᠭᠦᠯᠦᠨ ᠪᠦᠳᠦᠭᠡᠨ | ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ | ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠵᠣᠬᠢᠴᠠᠭᠤᠯᠵᠠᠢ᠃ | ᠵᠢᠢ ᠬᠠᠶ ᠶᠠᠩ ᠱᠠᠭᠠᠷᠳᠠᠭᠰᠠᠨ ᠨᠢ᠂ ᠬᠤᠯᠪᠣᠭᠳᠠᠯ ᠪᠥᠬᠦᠶ ᠡᠭᠦᠷᠭᠡ ᠴᠢᠳᠠᠪᠬᠢ ᠲᠠᠢ ᠰᠠᠯᠠᠭ᠎ᠠ ᠮᠥᠴᠢᠷ ᠤᠳ | ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠪᠦᠲᠦᠮᠵᠢᠲᠡᠶ | ᠪᠠᠯᠠ ᠣᠷᠣᠭᠤᠯᠤᠯᠲᠠ ᠶᠢ ᠥᠷᠭᠡᠳᠬᠡᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠵᠤ᠂ ᠡᠷᠬᠡᠪᠰᠢ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠠᠵᠢᠯᠯᠠᠬᠤ ᠠᠷᠭ᠎ᠠ ᠶᠢᠨ ᠰᠢᠨ᠎ᠡ ᠶᠢ | ᠡᠭᠦᠳᠴᠦ᠂ ᠦᠢᠯᠡᠴᠢᠯᠡᠬᠡᠨ ᠤ ᠪᠠᠲᠤᠯᠠᠭ᠎ᠠ ᠶᠢ ᠰᠢᠯᠢᠳᠡᠭᠵᠢᠭᠦᠯᠦᠨ᠂ ᠭᠤᠤᠯᠳᠠᠯᠭ᠎ᠠ ᠲᠠᠢ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠬᠤ ᠬᠡᠷᠡᠭᠲᠡᠶ᠃ ᠠᠵᠢᠯ | ᠡᠬᠢᠯᠡᠭᠦᠯᠦᠭᠡᠳᠦᠶ ᠲᠥᠷᠥᠯ ᠵᠦᠢᠯ ᠳᠤ ᠪᠣᠯ ᠴᠠᠭ ᠬᠤᠭᠤᠴᠠᠭ᠎ᠠ ᠲᠣᠭᠲᠠᠭᠠᠨ᠂ ᠬᠠᠷᠢᠭᠤᠴᠠᠯᠭ᠎ᠠ ᠲᠣᠭᠲᠠᠭᠠᠵᠤ᠂ | ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠳᠬᠡᠨ ᠬᠦᠢᠴᠡᠳᠭᠡᠵᠦ ᠳᠠᠭᠤᠰᠬᠠᠨ᠂ ᠡᠷᠲᠡᠬᠡᠨ ᠠᠵᠢᠯ ᠡᠬᠢᠯᠡᠭᠦᠯᠬᠦ ᠶᠢ | ᠬᠦᠴᠦᠯᠡᠨ ᠠᠬᠢᠭᠤᠯᠬᠤ ᠬᠡᠷᠡᠭᠲᠡᠶ᠃ ᠨᠢᠭᠡᠨᠲᠡ ᠠᠵᠢᠯ ᠡᠬᠢᠯᠡᠭᠦᠯᠦᠭᠰᠡᠨ ᠵᠦᠢᠯᠡᠰ ᠢ ᠪᠣᠯ ᠪᠠᠷᠢᠯᠭ᠎ᠠ ᠶᠢᠨ | ᠬᠤᠭᠤᠴᠠᠭ᠎ᠠ ᠶᠢ ᠠᠮᠵᠢᠵᠤ᠂ ᠠᠬᠢᠴᠠ ᠶᠢ ᠲᠦᠷᠭᠡᠳᠬᠡᠨ᠂ ᠡᠷᠲᠡᠬᠡᠨ ᠪᠠᠶᠢᠭᠤᠯᠵᠤ ᠳᠠᠭᠤᠰᠬᠠᠨ᠂ ᠡᠷᠲᠡᠬᠡᠨ | ᠠᠰᠢᠭᠯᠠᠯᠲᠠ ᠳᠤ ᠣᠷᠣᠭᠤᠯᠵᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠶ᠃ ᠠᠰᠢᠭᠯᠠᠯᠲᠠ ᠳᠤ | ᠣᠷᠣᠭᠤᠯᠬᠤ ᠵᠦᠢᠯᠡᠰ ᠲᠤ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯᠯᠠᠭᠠᠨ ᠢ ᠪᠠᠲᠤᠯᠠᠵᠤ᠂ ᠡᠯᠧᠮᠧᠨ᠋ᠲ ᠤᠨ | ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠦᠢᠯᠡᠰ ᠤᠨ ᠲᠣᠭᠲᠠᠭᠤᠨ ᠢᠶᠠᠷ ᠦᠢᠯᠡᠳᠪᠦᠷᠢᠯᠡᠬᠦ ᠶᠢ ᠦᠨᠡᠨ ᠬᠦ | ᠪᠠᠲᠤᠯᠠᠬᠤ ᠬᠡᠷᠡᠭᠲᠡᠶ ᠭᠡᠪᠡ᠃ | ᠵᠢᠢ ᠬᠠᠶ ᠶᠠᠩ ᠪᠠᠰᠠ ᠭᠤᠤᠯᠳᠠᠯᠭ᠎ᠠ ᠲᠠᠢ ᠵᠦᠢᠯᠡᠰ ᠤᠨ ᠠᠶᠤᠯᠭᠦᠶ ᠦᠢᠯᠡᠳᠪᠦᠷᠢᠯᠡᠯ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠶᠡᠷ ᠢ ᠰᠡᠷᠭᠡᠶᠢᠯᠡᠬᠦ ᠵᠡᠷᠭᠡ ᠬᠤᠯᠪᠣᠭᠳᠠᠯ ᠪᠥᠬᠦᠶ ᠠᠵᠢᠯ ᠳᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠶ᠃ |