ᠯᠢᠦᠶ ᠬᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ ᠶᠢᠨ ᠬᠦᠳᠡᠯᠬᠡᠬᠡᠨ ᠶᠠᠪᠤᠭᠤᠯᠪᠠ
ᠨᠡᠶᠢᠲᠡᠯᠡᠭᠰᠡᠨ ᠴᠠᠭ᠄
2021/8/20
  ᠰᠠᠭᠤᠭᠠᠯᠢ ᠠᠷᠠᠳ ᠤᠨ ᠢᠳᠡᠭᠡᠨ ᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠯᠢᠦᠶ ᠬᠤᠸᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ ᠶᠢᠨ ᠬᠦᠳᠡᠯᠬᠡᠬᠡᠨ ᠶᠠᠪᠤᠭᠤᠯᠪᠠ᠃

   ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠤᠷᠢᠳᠠᠪᠠᠷ ᠨᠡᠶᠢᠭᠡᠮ ᠲᠣᠭᠤᠷᠢᠭ ᠤᠨ

ᠰᠠᠭᠤᠭᠠᠯᠢ ᠠᠷᠠᠳ ᠤᠨ ᠸᠢᠴᠠᠲ᠂ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ︽ᠢᠳᠡᠭᠡᠨ ᠤ ᠠᠮᠤᠷ ᠲᠦᠪᠰᠢᠨ ᠤ

ᠬᠠᠤᠯᠢ︾ ︽ᠢᠳᠡᠭᠡᠨ ᠤ ᠠᠮᠤᠷ ᠲᠦᠪᠰᠢᠨ ᠤ ᠮᠡᠳᠡᠯᠭᠡ︾ ︽ᠢᠳᠡᠭᠡᠨ ᠤ ᠠᠮᠤᠷ ᠲᠦᠪᠰᠢᠨ ᠤ ᠵᠦᠭᠯᠡᠭᠦᠷ︾ ᠢ

ᠤᠬᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠣᠯᠠᠨ

ᠨᠡᠶᠢᠲᠡ ᠶᠢᠨ ᠡᠷᠡᠭᠦᠯ ᠮᠡᠨᠳᠦ ᠶᠢ ᠬᠠᠮᠠᠭᠠᠯᠠᠵᠤ᠂ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠳᠤ

ᠬᠠᠮᠲᠤ ᠪᠠᠷ ᠬᠢᠨᠠᠯᠲᠠ ᠲᠠᠯᠪᠢᠭᠤᠯᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ

ᠬᠠᠷᠢᠶᠠᠲᠤ ᠣᠷᠣᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠬᠡᠤᠬᠡᠳ ᠤᠨ ᠴᠡᠴᠡᠷᠯᠢᠭ᠂ ᠰᠠᠭᠤᠭᠠᠯᠢ

ᠠᠷᠠᠳ ᠤᠨ ᠬᠡᠷ ᠲᠤ ᠭᠦᠨᠵᠡᠭᠡᠶᠢᠷᠡᠨ ᠤᠬᠠᠭᠤᠯᠭ᠎ᠠ ᠬᠢᠬᠦ ᠶᠢᠨ ᠬᠠᠮᠲᠤ᠂ ᠰᠠᠭᠤᠭᠠᠯᠢ ᠠᠷᠠᠳ ᠤᠨ ᠳᠤᠷᠠᠳᠤᠭᠰᠠᠨ

ᠢᠳᠡᠭᠡᠨ ᠤ ᠠᠮᠤᠷ ᠲᠦᠪᠰᠢᠨ ᠤ ᠲᠠᠯ᠎ᠠ ᠪᠠᠷ ᠬᠢ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠤᠨ᠎ᠠ᠃ ᠲᠣᠰ

ᠤᠳᠠᠭᠠᠨ ᠤ ᠠᠵᠢᠯᠯᠠᠭ᠎ᠠ ᠳᠤ 200 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠢᠳᠡᠭᠡᠨ ᠤ ᠠᠮᠤᠷ

ᠲᠦᠪᠰᠢᠨ ᠤ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号