ᠨᠡᠶᠢᠭᠡᠮ ᠲᠣᠭᠤᠷᠢᠭ ᠤᠨ ᠰᠣᠶᠣᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ | ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ 8 ᠰᠠᠷ᠎ᠠ ᠶᠢᠨ 18 ᠤ ᠡᠳᠦᠷ᠂ | ᠵᠥᠩ ᠰᠢᠩ ᠨᠡᠶᠢᠭᠡᠮ ᠲᠣᠭᠤᠷᠢᠭ ᠤᠨ ᠬᠢᠨ ︽ᠱᠠᠯᠢᠭ ᠵᠠᠪᠬᠠᠶ ᠵᠦᠶ᠋ᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ ᠤᠬᠠᠮᠰᠠᠷ ᠢ ᠴᠢᠩᠭᠠᠳᠬᠠᠵᠤ᠂ ᠪᠣᠯᠪᠠᠰᠤᠨ ᠡᠶ᠎ᠡ ᠵᠣᠬᠢᠴᠠᠯ ᠲᠠᠢ ᠬᠡᠷ ᠣᠷᠣᠨ ᠢ | ᠪᠥᠲᠥᠭᠡᠨ ᠪᠠᠶᠢᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ ᠰᠦᠯᠵᠢᠶᠡᠨ ᠤ ᠠᠵᠢᠯᠲᠠᠨ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠰᠦᠯᠵᠢᠶᠡᠨ ᠤ ᠠᠮᠤᠷ ᠲᠦᠪᠰᠢᠨ᠂ ᠪᠣᠯᠪᠠᠰᠤᠨ ᠢᠶᠠᠷ | ᠰᠦᠯᠵᠢᠶᠡᠨ ᠳᠤ ᠭᠠᠷᠬᠤ ᠬᠠᠮᠢᠶ᠎ᠠ ᠪᠥᠬᠦᠶ ᠮᠡᠳᠡᠯᠭᠡ ᠪᠠ ᠱᠠᠯᠢᠭ ᠵᠠᠪᠬᠠᠶ ᠵᠡᠷᠭᠡ ᠬᠠᠤᠯᠢ ᠪᠤᠰᠤ ᠬᠡᠪᠯᠡᠭᠳᠡᠬᠦᠨ ᠢ | ᠢᠯᠭᠠᠨ ᠲᠠᠨᠢᠬᠤ ᠤᠷ᠎ᠠ ᠮᠡᠷᠭᠡᠵᠢᠯ ᠢ ᠲᠠᠶᠢᠯᠪᠤᠷᠢᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ | ᠡᠯ᠎ᠡ ᠲᠥᠷᠥᠯ ᠤᠨ ᠬᠠᠤᠯᠢ ᠪᠤᠰᠤ ᠬᠡᠪᠯᠡᠭᠳᠡᠬᠦᠨ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠪᠣᠯᠭᠠᠵᠤ᠂ ︽ | ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠡᠶ᠎ᠡ ᠵᠣᠬᠢᠴᠠᠯ ᠲᠠᠢ᠂ ᠠᠮᠤᠷ ᠲᠦᠪᠰᠢᠨ ᠰᠣᠶᠣᠯ ᠤᠨ ᠣᠷᠴᠢᠨ | ᠲᠣᠭᠤᠷᠢᠨ ᠢ ᠪᠣᠶ ᠪᠣᠯᠭᠠᠪᠠ᠃ |