8 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧᠩ ᠵᠢᠶᠦ᠋ᠨ ᠰᠢᠶᠤᠤ ᠨᠠᠷ | ᠮᠠᠨ ᠤ ᠬᠤᠲᠠ ᠳᠤ ᠢᠷᠡᠵᠦ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ | ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠲᠦᠩᠯᠢᠶᠣᠤ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠸᠠᠩ ᠭᠤᠸᠠᠨ᠂ ᠬᠤᠳᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠰᠢᠨ᠂ ᠬᠤᠳᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ᠂ ᠵᠦᠰᠬᠤᠸᠠ ᠵᠡᠭᠡᠯᠢ | ᠭᠤᠳᠤᠮᠵᠢ ᠵᠡᠷᠭᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠤᠯᠵᠤ ᠪᠠᠶᠢᠴᠠᠭᠠᠨ ᠰᠤᠳᠤᠯᠵᠠᠢ᠃ | | | | | ᠵᠢᠭᠠᠨ ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠬᠤᠳᠠ ᠶᠢᠨ ᠨᠢᠭᠡᠳᠦᠭᠡᠷ ᠪᠠᠭ᠎ᠠ | ᠰᠤᠷᠭᠠᠭᠤᠯᠢ᠂ ᠰᠢᠨ᠎ᠡ ᠯᠢᠤ ᠱᠢ ᠳ᠋ᠦᠩ ᠨᠡᠶᠢᠭᠡᠮ ᠲᠣᠭᠤᠷᠢᠭ᠂ ᠡᠮᠦᠨᠡᠳᠦ ᠵᠠᠳᠠᠭᠠᠢ ᠨᠡᠭᠦᠷᠡᠰᠦᠨ ᠠᠭᠤᠷᠬᠠᠢ ᠶᠢᠨ ᠠᠮᠢ | ᠠᠬᠤᠢ ᠶᠢᠨ ᠳᠠᠬᠢᠨ ᠬᠠᠭᠠᠯᠪᠤᠷᠢᠯᠠᠯᠲᠠ ᠶᠢᠨ VR ᠣᠷᠳᠣᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠮᠠᠨ ᠤ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠦᠭᠰᠡᠨ ᠪᠠᠶᠢᠳᠠᠯ᠂ ᠦᠷ᠎ᠡ ᠪᠦᠲᠦᠮᠵᠢ ᠵᠢᠴᠢ ᠬᠢᠯᠠᠰ ᠴᠡᠭ ᠤᠨ ᠠᠵᠢᠯ ᠢ ᠪᠦᠬᠦ ᠲᠠᠯ᠎ᠠ ᠪᠠᠷ ᠤᠢᠢᠯᠠᠭᠠᠭᠰᠠᠨ | ᠪᠥᠭᠡᠳ ᠳᠠᠷᠠᠭᠠᠴᠢ ᠶᠢᠨ ᠠᠯᠬᠤᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ | ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃ | ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠬᠤᠳᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠣᠯᠤᠭᠰᠠᠨ ᠱᠠᠳᠤᠴᠢ ᠴᠢᠨᠠᠷᠲᠠᠢ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠮᠠᠨ ᠤ ᠬᠤᠳᠠ ᠶᠢᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠲᠠᠭᠰᠠᠨ ᠬᠥᠳᠡᠯᠭᠡᠭᠡᠨ ᠯᠠᠪᠳᠠᠭᠤᠨ ᠪᠠᠲᠤᠲᠠᠢ ᠪᠠᠶᠢᠵᠤ᠂ | ᠪᠦᠬᠦᠯᠢ ᠴᠣᠭᠴᠠ ᠶᠢᠨ ᠠᠵᠢᠯ ᠤᠨ ᠠᠬᠢᠭᠤᠯᠤᠯ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠱᠠᠭᠠᠷᠳᠠᠯᠭ᠎ᠠ ᠳᠤ ᠨᠡᠶᠢᠴᠡᠨ᠎ᠡ ᠭᠡᠵᠦ ᠦᠵᠡᠪᠡ᠃ ᠮᠠᠨ ᠤ ᠬᠤᠲᠠ ᠲᠠᠷᠠᠭᠠᠴᠢ ᠶᠢᠨ | ᠠᠯᠬᠤᠮ ᠳᠤ ᠡᠯ᠎ᠡ ᠱᠠᠲᠤᠨ ᠤ ᠮᠠᠲ᠋ᠧᠷᠢᠶᠠᠯ ᠢ ᠡᠮᠬᠢᠳᠬᠡᠬᠦ ᠪᠠ ᠳ᠋ᠦᠩᠨᠡᠬᠦ ᠠᠵᠢᠯ ᠢ ᠰᠠᠶᠢᠲᠤᠷ ᠬᠢᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠢᠶᠠᠷ ᠥᠷᠨᠢᠬᠦ ᠶᠢ ᠦᠷᠭᠦᠯᠵᠢᠯᠡᠨ ᠠᠬᠢᠭᠤᠯᠬᠤ ᠶᠢ ᠬᠦᠰᠡᠵᠦ | ᠪᠠᠶᠢᠨ᠎ᠠ᠃ ᠵᠢᠯᠣᠭᠤᠳᠬᠤ ᠳᠤᠭᠤᠶᠢᠯᠠᠩ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ | ᠤᠯᠠᠨ ᠵᠦᠢᠯ ᠤᠨ ᠬᠡᠯᠪᠡᠷᠢ ᠶᠢ ᠠᠰᠢᠭᠯᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠦᠢᠯᠡᠳᠦᠯᠭᠡ ᠶᠢ | ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠰᠠᠶᠢᠲᠤᠷ ᠥᠷᠨᠢᠭᠦᠯᠬᠦ ᠬᠡᠷᠡᠭᠲᠡᠢ᠃ | ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ | ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠤᠨ ᠨᠠᠷᠢᠨ ᠲᠠᠩᠰᠠ ᠶᠢ ᠪᠦᠬᠦ ᠲᠠᠯ᠎ᠠ ᠪᠠᠷ ᠡᠵᠡᠮᠳᠡᠵᠦ᠂ ᠤᠯᠠᠮ | ᠴᠢᠨᠠᠭᠰᠢᠳᠠ ᠬᠤᠷᠳᠤᠴᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠢ᠃ ᠭᠦᠨ ᠵᠤᠵᠠᠭᠠᠨ ᠠᠭᠤᠷ | ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠵᠤ᠂ ᠠᠵᠢᠯ ᠤᠨ ᠣᠨᠴᠠᠯᠢᠭ ᠲᠠᠢ ᠬᠢᠯᠠᠰ ᠴᠡᠭ ᠢ ᠲᠠᠰᠤᠷᠠᠯᠲᠠ ᠦᠭᠡᠢ | ᠠᠭᠤᠳᠠᠯᠵᠤ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠳ᠋ᠦᠩᠨᠡᠵᠦ᠂ ᠰᠤᠷᠤᠯᠴᠠᠯᠭ᠎ᠠ ᠬᠥᠮᠦᠵᠢᠯ ᠤᠨ ᠨᠥᠯᠥᠭᠡᠯᠡᠬᠦ | ᠬᠦᠴᠦᠨ ᠪᠠ ᠨᠢᠭᠲᠠᠷᠠᠭᠤᠯᠬᠤ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ ᠬᠡᠵᠦ ᠱᠠᠭᠠᠷᠳᠠᠵᠠᠢ᠃ |