ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠠᠳᠬᠤᠬᠤ ᠶᠢᠨ ᠲᠥᠯᠥᠭᠡ᠂ 8 ᠰᠠᠷ᠎ᠠ ᠶᠢᠨ 18 ᠤ ᠡᠳᠦᠷ᠂ ᠮᠠᠨ ᠤ ᠬᠤᠳᠠ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠤᠰᠬᠠᠢ ᠴᠡᠭᠴᠡᠯᠡᠨ ᠰᠠᠶᠢᠵᠢᠷᠠᠭᠤᠯᠵᠤ | ᠲᠤᠬᠢᠷᠠᠭᠤᠯᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠰᠢᠨ ᠰᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ | ᠬᠤᠷᠢᠶᠠᠨ ᠤ ᠠᠯᠪᠠᠨ ᠬᠡᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠡᠷᠭᠡ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | | | | | ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ᠂ ᠬᠤᠲᠠ ᠶᠢᠨ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ | ᠵᠢᠭᠤᠯᠴᠢᠯᠠᠯ ᠤᠨ ᠲᠣᠪᠴᠢᠶ᠎ᠠ ᠵᠡᠷᠭᠡ ᠨᠢᠭᠡᠴᠡ ᠶᠢᠨ ᠬᠠᠷᠢᠭᠤᠴᠠᠯᠭᠠᠲᠠᠨ ᠲᠣᠰ ᠲᠣᠰ ᠲᠥᠪ ᠤᠨ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠦᠵᠡᠯ ᠤᠬᠠᠮᠰᠠᠷ ᠤᠨ ᠬᠡᠯᠪᠡᠷᠢ ᠶᠢᠨ ᠴᠡᠭᠴᠡᠯᠡᠨ | ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ | ᠰᠢᠨ ᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠶ | ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ | ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠵᠡᠮᠳᠡᠵᠦ᠂ | ᠰᠢ ᠶᠢᠨ ᠫᠢᠩ ᠶᠡᠷᠦᠩᠬᠡᠶ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ | ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ | ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠡᠵᠡᠮᠳᠡᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ | ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠤᠨ ᠰᠠᠨᠠᠭᠠᠴᠢᠯᠠᠭᠠᠲᠤ ᠲᠡᠶᠢᠨ ᠢ ᠡᠷᠡᠰ | ᠰᠠᠶᠢᠲᠤᠷ ᠬᠢᠬᠦ ᠬᠡᠷᠡᠭᠲᠡᠶ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠦᠵᠡᠯ ᠰᠠᠨᠠᠭᠠᠨ ᠤ | ᠵᠢᠯᠤᠭᠤᠳᠤᠯᠭ᠎ᠠ ᠪᠠᠨ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ︽ᠤᠯᠤᠰ ᠤᠨ ᠲᠤᠮᠤ ᠬᠥᠮᠦᠰ︾ ᠲᠠᠢ ᠰᠡᠳᠬᠢᠯ ᠵᠢᠷᠦᠬᠡ ᠪᠠᠨ ᠬᠤᠯᠪᠣᠬᠤ ᠤᠯᠤᠰ ᠲᠦᠷᠦ ᠶᠢᠨ | ᠤᠬᠠᠮᠰᠠᠷ ᠢᠶᠠᠷ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢᠶᠠᠨ ᠪᠠᠲᠤ ᠰᠠᠬᠢᠵᠤ᠂ | ᠬᠥᠭᠵᠢᠯᠲᠡ ᠶᠢᠨ ᠬᠦᠴᠦᠷᠬᠡᠭ ᠶᠡᠭᠡ ᠢᠳᠡᠪᠬᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠴᠡᠭᠴᠡᠯᠡᠨ ᠥᠭᠡᠷᠡᠴᠢᠯᠡᠬᠦ | ᠠᠵᠢᠯ ᠢ ᠡᠳᠦᠷ ᠲᠤᠲᠤᠮ ᠤᠨ ᠠᠵᠢᠯ ᠲᠠᠢ ᠤᠶᠠᠯᠳᠤᠭᠤᠯᠵᠤ᠂ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ | ︾ ᠶᠢ ᠴᠢᠩᠭᠠᠳᠬᠠᠬᠤ ᠤᠯᠤᠰ ᠲᠥᠷᠥ ᠶᠢᠨ ᠡᠭᠦᠷᠭᠡᠯᠡᠯ ᠢᠶᠠᠷ ᠦᠵᠡᠯ ᠤᠬᠠᠮᠰᠠᠷ ᠤᠨ ᠬᠡᠯᠪᠡᠷᠢ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠵᠦ᠂ ᠬᠡᠷᠡᠭᠵᠢᠭᠦᠯᠬᠦ ᠪᠠᠨ | ᠴᠢᠩᠭᠠᠳᠬᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠦᠷᠭᠦᠯᠵᠢᠯᠡᠨ ᠥᠭᠡᠳᠡᠯᠡᠨ ᠰᠠᠶᠢᠵᠢᠷᠠᠬᠤ ᠶᠢ ᠪᠠᠲᠤᠯᠠᠵᠤ᠂ ᠮᠠᠨ ᠤ | ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ | ᠣᠷᠴᠢᠨ ᠲᠣᠭᠤᠷᠢᠨ ᠪᠠ ᠵᠣᠷᠢᠭ ᠰᠠᠨᠠᠭ᠎ᠠ ᠶᠢ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠵᠠᠢ᠃ |