︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠤᠯᠠᠮ ᠨᠢᠭᠡ ᠠᠯᠬᠤᠮ | ᠰᠤᠷᠤᠯᠴᠠᠭᠰᠠᠨ ᠤ ᠳᠠᠷᠠᠭ᠎ᠠ᠂ ᠪᠢ ᠥᠪᠡᠷ ᠢ ᠪᠠᠨ ᠮᠠᠰᠢ ᠶᠡᠭᠡ ᠳᠠᠪᠰᠢᠯᠲᠠ ᠲᠠᠢ ᠪᠣᠯᠵᠠᠶ᠂ ᠥᠩᠭᠡᠷᠡᠭᠰᠡᠨ ᠳᠤ | ᠬᠥᠮᠦᠨ ᠲᠠᠢ ᠶᠠᠷᠢᠯᠴᠠᠬᠤ ᠳᠠᠭᠠᠨ ᠮᠠᠰᠢ ᠣᠯᠠᠨ ᠦᠭᠡᠰ ᠢ ᠣᠶᠢᠯᠠᠭᠠᠬᠤ ᠦᠭᠡᠶ ᠪᠠᠶᠢᠭᠰᠠᠨ᠂ ᠣᠳᠣ ᠣᠶᠢᠯᠠᠭᠠᠬᠤ | ᠪᠣᠯᠤᠭᠰᠠᠨ᠂ ᠥᠪᠡᠷ ᠢᠶᠠᠨ ᠪᠠᠰᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠢᠴᠢᠶᠡᠯ ᠤᠨ ᠲᠠᠩᠬᠢᠮ ᠳᠤ | ᠶᠠᠷᠢᠶ᠎ᠠ ᠲᠠᠯᠪᠢᠵᠤ ᠴᠢᠳᠠᠬᠤ ᠪᠣᠯᠤᠭᠰᠠᠨ ᠪᠠᠶᠢᠨ᠎ᠠ︾᠃ ᠰᠢᠨ᠎ᠡ ᠯᠢᠤ ᠱᠢ ᠳ᠋ᠦᠩ ᠨᠡᠶᠢᠭᠡᠮ ᠲᠣᠭᠤᠷᠢᠭ ᠲᠤ ᠰᠠᠭᠤᠭ᠎ᠠ | ᠮᠣᠩᠭᠤᠯ ᠦᠨᠳᠦᠰᠦᠲᠡᠨ ᠤ ᠰᠣᠷᠣᠭᠴᠢ ᠪᠦᠦ ᠸᠧᠨ ᠵᠢᠶᠧ ᠪᠣᠯ ᠮᠠᠨ ᠤ ᠬᠤᠲᠠ ᠶᠢᠨ ᠮᠣᠩᠭᠤᠯ ᠦᠨᠳᠦᠰᠦᠲᠡᠨ ᠤ | ᠳᠤᠮᠳᠠᠳᠤ ᠰᠤᠷᠭᠠᠭᠤᠯᠢ ᠶᠢᠨ ᠨᠠᠢᠮᠠᠳᠤᠭᠠᠷ ᠣᠨ ᠤ ᠰᠣᠷᠣᠭᠴᠢ ᠮᠥᠨ᠂ ᠰᠤᠷᠪᠤᠯᠵᠢᠯᠠᠭᠴᠢ ᠲᠡᠭᠦᠨ ᠲᠠᠢ ᠶᠠᠷᠢᠯᠴᠠᠬᠤ | ᠦᠶ᠎ᠡ ᠳᠤ᠂ ᠪᠦᠦ ᠸᠧᠨ ᠵᠢᠶᠧ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠥᠪᠡᠷ ᠤᠨ ᠪᠣᠳᠣᠯ ᠢᠶᠠᠨ | ᠤᠷᠤᠰᠤᠮ᠎ᠠ ᠰᠠᠶᠢᠬᠠᠨ ᠶᠠᠷᠢᠵᠤ ᠴᠢᠳᠠᠳᠠᠭ᠃ | | | | | ᠪᠦᠦ ᠸᠧᠨ ᠵᠢᠶᠧ ᠶᠢᠨ ᠬᠢᠨ ᠬᠤᠤᠯᠢᠩᠭᠤᠤᠯ ᠬᠤᠲᠠ ᠶᠢᠨ ᠨᠤᠲᠤᠭ ᠤᠨ ᠬᠥᠮᠦᠨ ᠪᠢᠰᠢ᠂ ᠬᠠᠷᠢᠨ | ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠪᠦᠦ ᠺᠠᠩ ᠪᠠᠯᠭᠠᠰᠤᠨ ᠤ ᠨᠢᠭᠡᠨ | ᠵᠢᠵᠢᠭ ᠲᠣᠰᠬᠤᠨ ᠠᠴᠠ ᠢᠷᠡᠭᠰᠡᠨ ᠶᠤᠮ᠂ ᠲᠡᠳᠡᠨ ᠤ ᠲᠣᠰᠬᠤᠨ ᠳᠤ ᠴᠥᠮ ᠮᠣᠩᠭᠤᠯ ᠦᠨᠳᠦᠰᠦᠲᠡᠨ ᠪᠠᠶᠢᠳᠠᠭ᠂ | ᠬᠡᠤᠬᠡᠳ ᠤᠨ ᠢᠶᠠᠨ ᠬᠤᠶᠢᠰᠢᠳᠠ ᠵᠢᠵᠢᠭ ᠲᠣᠰᠬᠤᠨ ᠠᠴᠠ ᠭᠠᠷᠭᠠᠵᠦ ᠬᠤᠯᠠ ᠶᠠᠪᠤᠭᠤᠯᠬᠤ ᠶᠢᠨ ᠲᠥᠯᠥᠭᠡ ᠪᠦᠦ ᠸᠧᠨ | ᠵᠢᠶᠧ ᠶᠢᠨ ᠠᠪᠤ ᠡᠵᠢ ᠨᠢ ᠬᠡᠷ ᠢᠶᠠᠷ ᠢᠶᠠᠨ ᠤᠤᠯ ᠤᠨ ᠭᠠᠵᠠᠷ ᠠᠴᠠ ᠪᠠᠨ ᠨᠡᠭᠦᠵᠦ ᠭᠠᠷᠤᠭᠠᠳ ᠮᠠᠨ ᠤ ᠬᠤᠲᠠ ᠳᠤ | ᠢᠷᠡᠵᠦ ᠰᠤᠷᠤᠯᠴᠠᠳᠠᠭ᠃ ︽ᠮᠠᠨ ᠤ ᠲᠡᠨᠳᠡ ᠪᠦᠷ ᠮᠣᠩᠭᠤᠯ ᠬᠡᠯᠡ ᠪᠠᠷ ᠶᠠᠷᠢᠳᠠᠭ᠂ ᠬᠢᠲᠠᠳ ᠬᠡᠯᠡ ᠪᠠᠷ ᠵᠢᠭᠠᠬᠠᠨ | ᠴᠤ ᠶᠠᠷᠢᠳᠠᠭ ᠥᠬᠡᠶ᠂ ᠬᠤᠵᠢᠮ ᠬᠡᠷᠪᠡ ᠥᠪᠥᠷ ᠮᠣᠩᠭᠤᠯ ᠤᠨ ᠬᠥᠭᠵᠢᠯᠲᠡ ᠶᠢ ᠪᠤᠳᠤᠬᠤ ᠳᠤ ᠭᠦᠷᠪᠡᠯ ᠦᠭᠡ | ᠬᠡᠯᠡ ᠨᠢ ᠮᠠᠰᠢ ᠶᠡᠭᠡ ᠬᠠᠷᠰᠢ ᠰᠠᠭᠠᠳ ᠪᠣᠯᠤᠨ᠎ᠠ᠂ ᠬᠤᠤᠯᠢᠩᠭᠤᠤᠯ ᠤᠨ ᠦᠢᠯᠡᠳᠪᠦᠷᠢ ᠣᠯᠠᠨ᠂ ᠠᠵᠢᠯ ᠤᠯᠬᠤ | ᠲᠣᠬᠢᠶᠠᠯ ᠣᠯᠠᠨ ᠪᠣᠯᠤᠨ᠎ᠠ᠂ ᠪᠢᠳᠡ ᠠᠳᠡ ᠨᠡᠭᠦᠵᠦ ᠢᠷᠡᠬᠦ ᠳᠤ᠂ ᠬᠡᠤᠬᠡᠳ ᠤᠨ ᠠᠪᠤ ᠨᠢ ᠠᠵᠢᠯ ᠳᠤ ᠭᠠᠷᠪᠠᠯ᠂ ᠪᠢ | ᠬᠡᠷ ᠲᠡᠭᠡᠨ ᠲᠡᠭᠦᠨ ᠢ ᠬᠠᠷᠠᠭᠠᠯᠵᠠᠨ᠎ᠠ︾ ᠭᠡᠵᠡᠶ᠃ ᠪᠦᠦ ᠸᠧᠨ ᠵᠢᠶᠧ ᠶᠢᠨ ᠡᠵᠢ ᠬᠤᠸᠠᠩ ᠢᠦᠶ ᠮᠧᠶ | ᠢᠯᠡᠷᠬᠡᠶᠢᠯᠡᠬᠦ ᠳᠡᠭᠡᠨ᠂ ᠮᠣᠩᠭᠤᠯ ᠦᠭᠡ ᠬᠡᠯᠡ ᠥᠰᠥᠭ ᠪᠢᠴᠢᠭ ᠢ ᠰᠠᠶᠢᠨ ᠰᠣᠷᠣᠭᠰᠠᠨ ᠤ ᠰᠠᠭᠤᠷᠢᠨ ᠳᠡᠭᠡᠷ᠎ᠡ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠬᠤ ᠨᠢ ᠬᠡᠤᠬᠡᠳ ᠤᠨ ᠬᠤᠵᠢᠮ ᠤᠨ | ᠨᠡᠶᠢᠭᠡᠮ ᠪᠠ ᠠᠵᠢᠯ ᠤᠨ ᠪᠠᠶᠢᠷᠢ ᠳᠡᠭᠡᠷᠡᠬᠢ ᠥᠷᠢᠰᠦᠯᠳᠦᠬᠦ ᠬᠦᠴᠦᠨ ᠢ ᠨᠡᠮᠡᠭᠳᠡᠭᠦᠯᠵᠦ᠂ ᠬᠡᠤᠬᠡᠳ ᠤᠨ ᠬᠤᠵᠢᠮ ᠤᠨ | ᠬᠥᠭᠵᠢᠯᠲᠡ ᠳᠤ ᠮᠠᠰᠢ ᠶᠡᠭᠡ ᠬᠠᠪᠰᠤᠷᠤᠮᠵᠢ ᠪᠣᠯᠬᠤ ᠶᠤᠮ ᠭᠡᠵᠡᠶ᠃ | | | | | ︽ᠬᠢᠴᠢᠶᠡᠯ ᠤᠨ ᠥᠭᠡᠷᠡᠴᠢᠯᠡᠯᠲᠡ ᠶᠢ ᠠᠩᠬ᠎ᠠ ᠡᠬᠢᠯᠡᠵᠦ ᠬᠢᠬᠦ ᠦᠶ᠎ᠡ ᠳᠤ ᠪᠠᠭᠰᠢ ᠶᠢᠨ ᠶᠠᠷᠢᠬᠤ ᠨᠢ ᠮᠠᠰᠢ | ᠤᠳᠠᠭᠠᠨ ᠪᠠᠶᠢᠭᠰᠠᠨ ᠢ ᠪᠢᠳᠡ ᠪᠦᠷ ᠣᠶᠢᠯᠠᠭᠠᠵᠤ ᠪᠠᠶᠢᠨ᠎ᠠ᠂ ᠪᠠᠭᠰᠢ ᠪᠠᠰᠠ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠶᠢ ᠬᠡᠷᠡᠭᠯᠡᠵᠦ ᠰᠤᠷᠤᠯᠴᠠᠬᠤ ᠳᠤ ᠬᠦᠴᠢᠷᠲᠡᠶ ᠰᠤᠷᠤᠭᠴᠢᠳ ᠢ ᠬᠠᠪᠰᠤᠷᠤᠨ ᠵᠢᠯᠣᠭᠤᠳᠬᠤ ᠪᠠᠶᠢᠨ᠎ᠠ︾᠃ ᠪᠦᠦ | ᠸᠧᠨ ᠵᠢᠶᠧ ᠶᠢᠨ ᠪᠠᠶᠢᠭ᠎ᠠ ᠠᠩᠭᠢ ᠳᠤ 20 ᠭᠠᠷᠤᠶ ᠰᠤᠷᠤᠭᠴᠢ ᠲᠠᠢ᠂ ᠨᠢᠭᠡᠳᠦᠯᠲᠡᠶ ᠨᠠᠶᠢᠷᠠᠭᠤᠯᠤᠭᠰᠠᠨ | ᠬᠢᠴᠢᠶᠡᠯ ᠤᠨ ᠪᠢᠴᠢᠭ ᠲᠠᠢ ᠣᠶᠢᠷᠠᠲᠤᠭᠰᠠᠨ ᠠᠴᠠ ᠠᠪᠤᠭᠠᠳ ᠬᠠᠮᠲᠤ ᠰᠤᠷᠤᠭᠴᠢᠳ ᠤᠨ ᠬᠦᠯᠢᠶᠡᠨ ᠠᠪᠬᠤ | ᠴᠢᠳᠠᠪᠤᠷᠢ ᠮᠠᠰᠢ ᠴᠢᠩᠭ᠎ᠠ ᠪᠣᠯᠵᠤ᠂ ᠣᠳᠣ ᠣᠯᠠᠨ ᠢᠶᠠᠷ ᠢᠶᠠᠨ ᠪᠦᠷ ᠬᠡᠪ ᠤᠨ ᠵᠢᠭᠠᠨ ᠰᠤᠷᠭᠠᠯᠲᠠ ᠶᠢᠨ ᠶᠠᠪᠤᠴᠠ ᠶᠢ | ᠳᠠᠭᠠᠵᠤ ᠳᠡᠶᠢᠯᠬᠦ ᠪᠣᠯᠤᠭᠰᠠᠨ ᠪᠠᠶᠢᠨ᠎ᠠ᠃ | ︽ᠬᠢᠴᠢᠶᠡᠯ ᠤᠨ ᠲᠠᠩᠬᠢᠮ ᠤᠨ ᠡᠳᠦᠷ ᠲᠤᠲᠤᠮ ᠤᠨ ᠰᠤᠷᠤᠯᠴᠠᠯᠭ᠎ᠠ ᠠᠴᠠ ᠭᠠᠳᠠᠨ᠎ᠠ᠂ ᠪᠢᠳᠡ ᠪᠠᠰᠠ | ᠬᠤᠶᠠᠳᠤᠭᠠᠷ ᠬᠢᠴᠢᠶᠡᠯ ᠤᠨ ᠲᠠᠩᠬᠢᠮ ᠤᠨ ᠪᠠᠶᠠᠯᠢᠭ ᠰᠠᠶᠢᠬᠠᠨ ᠤᠳᠬ᠎ᠠ ᠤᠷᠠᠯᠢᠭ ᠤᠨ ᠠᠵᠢᠯᠯᠠᠭ᠎ᠠ ᠪᠠᠷ | ᠳᠠᠮᠵᠢᠭᠤᠯᠤᠨ ᠮᠣᠩᠭᠤᠯ ᠦᠭᠡ ᠬᠡᠯᠡ ᠦᠰᠦᠭ ᠪᠢᠴᠢᠭ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ | ᠰᠤᠷᠴᠤ ᠪᠣᠯᠤᠨ᠎ᠠ︾ ᠭᠡᠵᠦ ᠪᠦᠦ ᠸᠧᠨ ᠵᠢᠶᠧ ᠬᠡᠯᠡᠪᠡ᠃ ᠤᠢᠢᠷ᠎ᠠ ᠶᠢᠨ ᠵᠢᠯ ᠠᠴᠠ᠂ ᠮᠠᠨ ᠤ ᠬᠤᠳᠠ ᠶᠢᠨ ᠮᠣᠩᠭᠤᠯ | ᠦᠨᠳᠦᠰᠦᠲᠡᠨ ᠤ ᠰᠤᠷᠭᠠᠭᠤᠯᠢ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠬᠤ ᠶᠢ ᠮᠣᠩᠭᠤᠯ | ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠵᠢᠭᠠᠨ ᠰᠤᠷᠭᠠᠯᠲᠠ ᠲᠠᠢ ᠤᠶᠠᠯᠳᠤᠭᠤᠯᠵᠤ᠂ ᠦᠭᠡ ᠬᠡᠯᠡᠨ ᠤ ᠵᠢᠭᠠᠨ ᠰᠤᠷᠭᠠᠯᠲᠠ ᠪᠣᠯᠤᠨ ᠠᠮᠢᠳᠤᠷᠠᠯ | ᠦᠢᠯᠡᠳᠦᠯᠭᠡ ᠶᠢ ᠤᠶᠠᠯᠳᠤᠭᠤᠯᠵᠤ᠂ ᠠᠴᠢᠶᠠᠯᠠᠪᠤᠷᠢ ᠶᠢ ᠪᠠᠶᠠᠯᠢᠭᠵᠢᠭᠤᠯᠵᠤ᠂ ᠠᠷᠭ᠎ᠠ ᠬᠡᠯᠪᠡᠷᠢ ᠶᠢ ᠰᠢᠨᠡᠴᠢᠯᠡᠵᠦ᠂ | ᠰᠤᠷᠤᠭᠴᠢᠳ ᠲᠤ ᠶᠣᠰᠣ ᠰᠤᠷᠲᠠᠬᠤᠨ ᠤ ᠬᠥᠮᠦᠵᠢᠯ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ᠂ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠵᠡᠷᠭᠡ ᠤᠯᠠᠨ ᠬᠦᠷᠢᠶᠡᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠷᠢᠳᠢ ᠰᠢᠳᠢ ᠶᠢ ᠮᠡᠳᠡᠷᠡᠭᠦᠯᠵᠡᠢ᠃ | ᠤᠯᠠᠨ ᠵᠢᠯ ᠤᠨ ᠬᠥᠭᠵᠢᠯᠲᠡ ᠪᠠᠷ ᠳᠠᠮᠵᠢᠭᠠᠳ᠂ ᠴᠥᠭᠡᠨ ᠲᠣᠭᠠᠲᠤ ᠦᠨᠳᠦᠰᠦᠲᠡᠨ ᠤ ᠨᠢᠭᠡ ᠪᠦᠯᠦᠭ | ᠰᠢᠯᠢᠳᠡᠭ ᠴᠢᠳᠠᠪᠤᠷᠢᠲᠠᠨ ᠨᠢᠭᠡᠨᠲᠡ ᠡᠯ᠎ᠡ ᠠᠵᠢᠯ ᠲᠦᠷᠦᠯ᠂ ᠡᠯ᠎ᠡ ᠬᠦᠷᠢᠶᠡᠨ ᠤ ᠣᠷᠦ᠋ᠢᠯᠠᠭᠴᠢ ᠪᠣᠯᠤᠭᠰᠠᠨ ᠪᠠᠶᠢᠨ᠎ᠠ᠃ | ᠲᠡᠳᠡᠨ ᠤ ᠬᠠᠮᠲᠤ ᠶᠢᠨ ᠣᠨᠴᠠᠯᠢᠭ ᠭᠡᠪᠡᠯ᠂ ᠮᠣᠩᠭᠤᠯ ᠦᠨᠳᠦᠰᠦᠲᠡᠨ ᠤ ᠦᠭᠡ ᠬᠡᠯᠡ ᠦᠰᠦᠭ ᠪᠢᠴᠢᠭ ᠪᠠ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠬᠦ ᠪᠠᠷ ᠪᠠᠷᠠᠬᠤ ᠦᠭᠡᠢ᠂ ᠦᠭᠡ ᠬᠡᠯᠡᠨ ᠤ | ᠠᠷᠤ ᠳᠠᠬᠢ ᠰᠣᠶᠣᠯ ᠢ ᠰᠠᠶᠢᠨ ᠮᠡᠳᠡᠬᠦ ᠪᠠ ᠬᠦᠨᠳᠦᠳᠬᠡᠵᠦ᠂ ᠤᠯᠠᠨ ᠡᠰᠢᠲᠦ ᠨᠢᠭᠡ ᠴᠤᠭᠴᠠᠵᠢᠭᠰᠠᠨ ᠰᠣᠶᠣᠯ ᠤᠨ | ᠣᠷᠴᠢᠨ ᠲᠣᠭᠤᠷᠢᠨ ᠳᠤ ᠳᠠᠳᠮᠠᠭᠠᠶ ᠪᠠᠶᠢᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ | ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃ | ᠡᠳᠦᠭᠡ ᠦᠨᠳᠦᠰᠦᠲᠡᠨ ᠨᠦᠭᠦᠳ ᠤᠨ ᠳᠠᠪᠠᠭᠤᠯᠢᠭ ᠢ ᠥᠷᠭᠡᠨ ᠢᠶᠠᠷ ᠰᠢᠩᠭᠡᠭᠡᠨ ᠠᠪᠤᠭᠰᠠᠨ ᠲᠠᠯ᠎ᠠ | ᠨᠤᠲᠤᠭ ᠤᠨ ᠰᠣᠶᠣᠯ ᠨᠢ ᠦᠭᠡ ᠬᠡᠯᠡ ᠠᠴᠠ ᠤᠷᠠᠯᠢᠭ ᠬᠦᠷᠲᠡᠯ᠎ᠡ᠂ ᠬᠤᠪᠴᠠᠰᠤ ᠵᠠᠰᠠᠯ ᠠᠴᠠ ᠢᠳᠡᠭᠡᠨ ᠤᠮᠳᠠᠭᠠᠨ | ᠬᠦᠷᠲᠡᠯ᠎ᠡ᠂ ᠵᠠᠩ ᠠᠭᠠᠯᠢ ᠠᠴᠠ ᠵᠠᠩ ᠠᠪᠤᠷᠢ ᠬᠦᠷᠲᠡᠯᠡᠬᠢ ᠡᠯ᠎ᠡ ᠲᠠᠯ᠎ᠠ ᠳᠤ ᠨᠡᠪᠴᠢᠵᠦ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠠᠩ ᠳᠠᠳᠬᠠᠯ ᠢ ᠬᠠᠷᠢᠯᠴᠠᠨ ᠬᠦᠨᠳᠦᠳᠬᠡᠬᠦ᠂ ᠦᠨᠳᠦᠰᠦᠲᠡᠨ ᠤ | ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠬᠤ᠂ ᠪᠠᠭᠲᠠᠭᠠᠮᠵᠢᠲᠠᠢ ᠨᠡᠭᠡᠭᠡᠯᠲᠡᠲᠡᠢ᠂ ᠪᠦᠯᠬᠦᠮᠳᠡᠯ ᠢ | ᠬᠠᠮᠠᠭᠠᠯᠠᠬᠤ ᠨᠡᠶᠢᠭᠡᠮ ᠤᠨ ᠵᠠᠩ ᠴᠢᠨᠠᠷ ᠢ ᠪᠤᠢ ᠪᠣᠯᠭᠠᠭᠰᠠᠨ ᠪᠠᠶᠢᠨ᠎ᠠ᠃ | ︽ᠪᠢ ᠬᠤᠵᠢᠮ ᠡᠮᠦᠨᠡᠲᠦ ᠣᠷᠣᠨ ᠳᠤ ᠣᠴᠢᠵᠤ ᠠᠵᠢᠯ ᠠᠮᠢᠳᠤᠷᠠᠯ ᠢᠶᠠᠨ ᠬᠥᠭᠵᠢᠭᠦᠯᠦᠶ᠎ᠡ ᠭᠡᠵᠦ ᠪᠣᠳᠣᠵᠤ | ᠪᠠᠶᠢᠨ᠎ᠠ᠂ ᠬᠤᠯᠠ ᠭᠠᠵᠠᠷ ᠶᠠᠪᠤᠵᠤ᠂ ᠨᠡᠩ ᠣᠯᠠᠨ ᠨᠠᠶᠢᠵᠠ ᠲᠠᠢ ᠲᠠᠨᠢᠯᠴᠠᠵᠤ᠂ ᠪᠤᠰᠤᠳ ᠭᠠᠵᠠᠷ ᠣᠷᠣᠨ ᠪᠠ | ᠤᠯᠤᠰ ᠤᠨ ᠰᠣᠶᠣᠯ ᠢ ᠨᠡᠩ ᠣᠯᠠᠨ ᠣᠶᠢᠯᠠᠭᠠᠶ᠎ᠠ ᠭᠡᠵᠦ ᠪᠣᠳᠣᠵᠤ ᠪᠠᠶᠢᠨ᠎ᠠ᠂ ᠡᠶᠢᠮᠦ ᠠᠴᠠ ᠪᠢ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠴᠢᠷᠮᠠᠶᠢᠨ ᠰᠤᠷᠤᠯᠴᠠᠵᠤ᠂ ᠲᠡᠭᠦᠨ ᠢ ᠬᠤᠵᠢᠮ ᠭᠠᠳᠠᠭᠰᠢ | ᠭᠠᠷᠴᠤ ᠰᠤᠷᠤᠯᠴᠠᠬᠤ ᠶᠢᠨ ︿ᠲᠣᠭᠤᠰᠬ᠎ᠠ﹀ ᠪᠣᠯᠭᠠᠨ᠎ᠠ︾᠃ ᠬᠤᠶᠢᠰᠢᠳᠠ ᠶᠢᠨ ᠰᠤᠷᠤᠯᠴᠠᠯᠭ᠎ᠠ ᠠᠮᠢᠳᠤᠷᠠᠯ ᠤᠨ | ᠲᠤᠬᠠᠶ ᠶᠠᠷᠢᠬᠤ ᠳᠤ ᠪᠦᠦ ᠸᠧᠨ ᠵᠢᠶᠧ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠯ᠎ᠠ᠃ |