| | | | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠬᠦ ᠨᠢ ᠴᠥᠭᠡᠨ ᠲᠣᠭᠠᠲᠤ | ᠦᠨᠳᠦᠰᠦᠲᠡᠨ ᠤ ᠬᠡᠦᠬᠡᠳ ᠤᠨ ᠦᠰᠦᠨ ᠪᠤᠶᠢᠵᠢᠯᠲᠠ ᠳᠤ ᠲᠦᠢᠯ ᠤᠨ ᠴᠢᠬᠤᠯᠠ ᠪᠠᠶᠢᠳᠠᠭ | — ᠬᠤᠤᠯᠢᠩᠭᠤᠤᠯ ᠬᠤᠳᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ | ᠴᠡᠴᠡᠷᠯᠢᠭ ᠤᠨ ᠳᠠᠷᠤᠭ᠎ᠠ ᠶᠠᠨ ᠬᠦᠢ ᠮᠧᠢ ᠶᠢ ᠰᠤᠷᠪᠤᠯᠵᠢᠯᠠᠭᠰᠠᠨ ᠨᠢ | | ᠪᠠᠯᠴᠢᠷ ᠦᠶ᠎ᠡ ᠪᠣᠯ ᠦᠭᠡ ᠬᠡᠯᠡ ᠰᠤᠷᠬᠤ ᠰᠢᠵᠢᠷ ᠠᠯᠳᠠᠨ ᠬᠤᠭᠤᠴᠠᠭ᠎ᠠ ᠮᠥᠨ᠂ ᠪᠠᠰᠠ ᠴᠤ | ᠤᠯᠤᠰ ᠠᠴᠠ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢᠨ | ᠵᠠᠩᠭᠢᠯᠠᠭ᠎ᠠ ᠶᠢᠨ ᠱᠠᠳᠤ ᠦᠶ᠎ᠡ ᠮᠥᠨ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ | ᠰᠤᠷᠪᠠᠯ ᠬᠤᠪᠢ ᠬᠥᠮᠦᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠬᠤᠪᠢ ᠬᠥᠮᠦᠨ ᠤ ᠦᠰᠦᠨ ᠪᠤᠶᠢᠵᠢᠬᠤ | ᠣᠷᠣᠨ ᠵᠠᠶ ᠶᠢ ᠥᠷᠭᠡᠳᠬᠡᠵᠦ ᠴᠢᠳᠠᠨ᠎ᠠ᠃ ᠲᠦᠷᠦᠭᠦᠬᠡᠨ᠂ ᠮᠣᠩᠭᠤᠯ ᠦᠨᠳᠦᠰᠦᠲᠡᠨ ᠤ ᠬᠡᠤᠬᠡᠳ ᠤᠨ | ᠴᠡᠴᠡᠷᠯᠢᠭ ᠤᠨ ᠳᠠᠷᠤᠭ᠎ᠠ ᠶᠠᠨ ᠬᠦᠶ ᠮᠧᠶ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠄ | ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠠᠰᠠᠷᠠᠨ ᠬᠥᠮᠦᠵᠢᠭᠦᠯᠬᠦ ᠬᠥᠮᠦᠵᠢᠯ ᠢ | ᠳᠥᠯᠭᠢᠨ ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠲᠤ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠥᠰᠥᠭ ᠪᠢᠴᠢᠭ ᠢ ᠰᠠᠶᠢᠲᠤᠷ ᠰᠤᠷᠤᠯᠴᠠᠭᠤᠯᠬᠤ ᠨᠢ ᠬᠤᠪᠢ ᠬᠥᠮᠦᠨ ᠤ ᠰᠤᠷᠤᠯᠭ᠎ᠠ ᠶᠢᠨ ᠳᠠᠪᠰᠢᠯᠲᠠ᠂ | ᠴᠢᠳᠠᠪᠤᠷᠢ ᠶᠢᠨ ᠨᠡᠮᠡᠭᠳᠡᠯ ᠳᠤ ᠴᠥᠮ ᠮᠠᠰᠢ ᠶᠡᠭᠡ ᠠᠰᠢᠭᠲᠠᠶ ᠶᠤᠮ︾ ᠭᠡᠵᠡᠶ᠃ | ᠬᠤᠤᠯᠢᠩᠭᠤᠤᠯ ᠬᠤᠲᠠ ᠶᠢᠨ ᠦᠨᠳᠦᠰᠦᠲᠡᠨ ᠤ ᠬᠡᠤᠬᠡᠳ ᠤᠨ ᠴᠡᠴᠡᠷᠯᠢᠭ 2013 ᠣᠨ ᠤ 9 ᠰᠠᠷ᠎ᠠ ᠳᠤ | ᠪᠠᠶᠢᠭᠤᠯᠤᠭᠳᠠᠵᠤ᠂ 2018 ᠣᠨ ᠳᠤ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠭᠡᠵᠦ ᠨᠡᠷ᠎ᠡ ᠪᠠᠨ | ᠬᠠᠯᠠᠪᠠ᠃ ᠴᠡᠴᠡᠷᠯᠢᠭ ᠲᠤ ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠠᠩᠭᠢ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠠᠩᠭᠢ 13 ᠪᠠᠶᠢᠨ᠎ᠠ᠃ ᠨᠡᠶᠢᠲᠡ 440 | ᠬᠡᠦᠬᠡᠳ ᠪᠠᠶᠢᠬᠤ ᠶᠢᠨ ᠳᠣᠲᠣᠷ᠎ᠠ ᠴᠥᠭᠡᠨ ᠲᠣᠭᠠᠲᠤ ᠦᠨᠳᠦᠰᠦᠲᠡᠨ ᠤ ᠠᠩᠭᠢ ᠶᠢᠨ ᠬᠡᠦᠬᠡᠳ 190 ᠪᠠᠶᠢᠵᠤ᠂ | ᠬᠦᠷᠢᠶᠡᠯᠡᠩ ᠲᠣᠭᠤᠷᠢᠭ ᠤᠨ ᠣᠨᠴᠠᠯᠢᠭ ᠢᠶᠠᠷ ᠲᠣᠳᠣ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠲᠠᠢ | ᠮᠣᠩᠭᠤᠯ ᠭᠡᠷ ᠨᠢ ᠬᠦᠷᠢᠶᠡᠯᠡᠩ ᠲᠣᠭᠤᠷᠢᠭ ᠤᠨ ᠵᠡᠭᠦᠨ ᠡᠮᠦᠨ᠎ᠡ ᠲᠠᠯ᠎ᠠ ᠳᠤ ᠪᠠᠶᠢᠷᠢᠯᠠᠵᠤ᠂ ᠴᠡᠴᠡᠷᠯᠢᠭ ᠤᠨ | ᠳᠣᠲᠣᠷᠠᠬᠢ 100 ᠭᠠᠷᠤᠢ ᠦᠨᠳᠦᠰᠦᠲᠡᠨ ᠤ ᠣᠨᠴᠠᠯᠢᠭ ᠲᠠᠢ ᠭᠠᠷ ᠤᠷᠠᠯᠠᠯ ᠤᠨ ᠦᠵᠡᠮᠦᠷᠢ ᠪᠠᠶᠢᠵᠤ᠂ | ᠬᠡᠦᠬᠡᠳ ᠤᠨ ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠣᠶᠢᠯᠠᠭᠠᠬᠤ ᠳᠤ ᠦᠩ ᠰᠢᠮᠡᠯᠢᠭ ᠬᠥᠷᠥᠰᠥ ᠰᠢᠷᠣᠢ | ᠬᠠᠩᠭᠠᠵᠠᠢ᠃ | ︽ᠪᠢ 1988 ᠣᠨ ᠳᠤ ᠪᠠᠭᠰᠢ ᠶᠢᠨ ᠰᠤᠷᠭᠠᠭᠤᠯᠢ ᠠᠴᠠ ᠲᠡᠭᠦᠰᠦᠭᠡᠳ ᠠᠳᠡ ᠢᠷᠡᠵᠠᠢ᠂ 30 ᠭᠠᠷᠤᠢ ᠵᠢᠯ | ᠥᠩᠭᠡᠷᠡᠯ᠎ᠡ᠂ ᠮᠠᠨ ᠤ ᠬᠤᠳᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠴᠢᠨᠠᠷ ᠤᠨ | ᠦᠰᠦᠷᠦᠯᠲᠡ ᠲᠠᠢ ᠪᠣᠯᠵᠠᠢ︾᠃ ᠮᠠᠨ ᠤ ᠬᠡᠦᠬᠡᠳ ᠤᠨ ᠴᠡᠴᠡᠷᠯᠢᠭ ᠢᠶᠠᠷ ᠠᠪᠴᠤ ᠬᠡᠯᠡᠪᠡᠯ᠂ ᠤᠷᠢᠳ ᠬᠤᠵᠢᠳ | ᠵᠢᠷᠤᠭᠲᠤ ᠳᠡᠪᠲᠡᠷ ᠤᠨ ᠬᠢᠴᠢᠶᠡᠯ ᠤᠨ ᠭᠡᠷ᠂ ᠳᠠᠭᠤᠤ ᠬᠥᠭᠵᠢᠮ ᠤᠨ ᠬᠢᠴᠢᠶᠡᠯ ᠤᠨ ᠭᠡᠷ᠂ ᠦᠨᠳᠦᠰᠦᠲᠡᠨ ᠤ ᠵᠠᠩ | ᠦᠢᠯᠡ ᠶᠢ ᠣᠶᠢᠯᠠᠭᠠᠬᠤ ᠬᠢᠴᠢᠶᠡᠯ ᠤᠨ ᠭᠡᠷ ᠵᠡᠷᠭᠡ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠳᠠᠪᠬᠢ ᠶᠢᠨ | ᠲᠠᠰᠤᠭ ᠢ ᠪᠠᠶᠢᠭᠤᠯᠪᠠ᠃ ᠬᠢᠴᠢᠶᠡᠯ ᠤᠨ ᠪᠠᠶᠢᠷᠢᠯᠠᠭᠤᠯᠤᠯᠲᠠ ᠴᠤ ᠮᠠᠰᠢ ᠶᠡᠭᠡ ᠰᠠᠶᠢᠵᠢᠷᠠᠯᠲᠠ ᠲᠠᠢ ᠪᠣᠯᠵᠣ᠂ ᠴᠥᠭᠡᠨ | ᠲᠣᠭᠠᠲᠤ ᠦᠨᠳᠦᠰᠦᠲᠡᠨ ᠤ ᠦᠭᠡ ᠬᠡᠯᠡ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠵᠢᠭᠠᠨ | ᠰᠤᠷᠭᠠᠯᠲᠠ ᠶᠢᠨ ᠲᠠᠯ᠎ᠠ ᠪᠠᠷ᠂ ᠴᠥᠭᠡᠨ ᠲᠣᠭᠠᠲᠤ ᠦᠨᠳᠦᠰᠦᠲᠡᠨ ᠤ ᠬᠡᠤᠬᠡᠳ ᠲᠤ ᠯᠡ ᠪᠠᠶᠢᠳᠠᠭ ᠰᠡᠳᠬᠢᠬᠦᠶ ᠶᠢᠨ | ᠵᠠᠭᠪᠤᠷ ᠢ ᠦᠨᠳᠦᠰᠦᠯᠡᠨ᠂ ᠪᠢᠳᠡ ᠥᠪᠡᠷᠲᠡᠭᠡᠨ ᠴᠥᠭᠡᠨ ᠲᠣᠭᠠᠲᠤ ᠦᠨᠳᠦᠰᠦᠲᠡᠨ ᠤ ᠬᠡᠤᠬᠡᠳ ᠲᠤ ᠨᠠᠩ | ᠳᠣᠭᠢᠷᠠᠬᠤ ᠦᠭᠡ ᠬᠡᠯᠡᠨ ᠤ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠬᠡᠷᠡᠭᠯᠡᠭᠰᠡᠨ ᠪᠠᠶᠢᠨ᠎ᠠ︾ ᠭᠡᠵᠦ ᠶᠠᠨ ᠬᠦᠶ | ᠮᠧᠶ ᠬᠡᠯᠡᠵᠡᠶ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ | ᠦᠨᠳᠦᠰᠦᠲᠡᠨ ᠨᠦᠭᠦᠳ ᠤᠨ ᠪᠢᠴᠢᠬᠠᠨ ᠨᠠᠶᠢᠵᠠ ᠨᠠᠷ ᠤᠨ ᠰᠣᠯᠢᠯᠴᠠᠭ᠎ᠠ ᠶᠢ ᠨᠡᠩ ᠰᠢᠯᠤᠭᠤᠳᠬᠠᠵᠤ᠂ | ᠦᠨᠳᠦᠰᠦᠲᠡᠨ ᠨᠦᠭᠦᠳ ᠤᠨ ᠪᠢᠴᠢᠬᠠᠨ ᠬᠠᠨᠢ ᠨᠠᠶᠢᠵᠠ ᠨᠠᠷ ᠤᠨ ᠶᠠᠪᠤᠯᠴᠠᠭ᠎ᠠ ᠠᠭᠤᠰᠤᠯᠴᠠᠯ ᠢ ᠤᠯᠠᠮ ᠨᠢᠭᠡ | ᠠᠯᠬᠤᠮ ᠠᠬᠢᠭᠤᠯᠵᠤ᠂ ᠬᠡᠦᠬᠡᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠬᠡᠯᠡᠬᠦ᠂ ᠵᠣᠷᠢᠭᠲᠠᠶ ᠬᠡᠯᠡᠬᠦ᠂ | ᠶᠠᠷᠢᠬᠤ ᠳᠤᠷᠠᠲᠠᠶ ᠦᠵᠡᠯ ᠤᠬᠠᠮᠰᠠᠷ ᠪᠠ ᠳᠠᠳᠬᠠᠯ ᠢ ᠬᠥᠮᠦᠵᠢᠭᠦᠯᠵᠦ᠂ ᠬᠡᠦᠬᠡᠳ ᠤᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠦᠨᠳᠦᠰᠦᠨ ᠳᠡᠭᠡᠨ ᠰᠣᠨᠣᠰᠴᠤ ᠣᠶᠢᠯᠠᠭᠠᠬᠤ᠂ ᠬᠡᠯᠡᠵᠦ ᠴᠢᠳᠠᠬᠤ ᠶᠠᠪᠤᠳᠠᠯ ᠢ ᠪᠡᠶᠡᠯᠡᠭᠦᠯᠬᠦ ᠶᠢᠨ ᠲᠥᠯᠥᠭᠡ ᠶᠤᠮ᠃ | ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ︽ᠪᠢᠴᠢᠬᠠᠨ ᠠᠨᠳᠠ ᠭᠠᠷ ᠭᠠᠷ ᠢᠶᠠᠨ ᠬᠤᠯᠪᠣᠯᠴᠠᠬᠤ︾ | ᠰᠢᠷᠢᠰ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠬᠦᠷᠢᠶᠡᠯᠡᠩ ᠲᠣᠭᠤᠷᠢᠭ ᠤᠨ ᠬᠡᠦᠬᠡᠳ ᠤᠳ ᠢ ᠬᠠᠮᠲᠤ ᠪᠠᠷ | ᠲᠣᠭᠯᠠᠵᠤ᠂ ᠬᠠᠮᠲᠤ ᠪᠠᠷ ᠤᠩᠰᠢᠵᠤ᠂ ᠬᠠᠮᠲᠤ ᠪᠠᠷ ᠳᠠᠭᠤᠯᠠᠭᠤᠯᠵᠤ᠂ ᠦᠨᠳᠦᠰᠦᠲᠡᠨ ᠨᠦᠭᠦᠳ ᠤᠨ ᠪᠢᠴᠢᠬᠠᠨ | ᠬᠡᠦᠬᠡᠳ ᠢ ᠪᠦᠯᠬᠦᠮᠳᠡᠯ ᠲᠠᠢ ᠡᠶ᠎ᠡ ᠵᠣᠬᠢᠴᠠᠩᠭᠤᠢ ᠠᠭᠤᠷ ᠠᠮᠢᠰᠬᠤᠯ ᠤᠨ ᠳᠤᠮᠳᠠ ᠭᠠᠷ ᠭᠠᠷ ᠢᠶᠠᠨ | ᠬᠤᠯᠪᠣᠯᠴᠠᠭᠤᠯᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠠᠪᠰᠢᠭᠤᠯᠵᠤ᠂ | ᠪᠠᠭ᠎ᠠ ᠠᠴᠠ ᠪᠠᠨ ᠬᠡᠨ ᠨᠢ ᠬᠡᠨ ᠠᠴᠠ ᠪᠠᠨ ᠰᠠᠯᠵᠤ ᠴᠢᠳᠠᠬᠤ ᠦᠭᠡᠢ ᠦᠵᠡᠯ ᠰᠠᠨᠠᠭ᠎ᠠ ᠶᠢ ᠪᠤᠢ ᠪᠣᠯᠭᠠᠵᠤ᠂ | ᠪᠠᠭ᠎ᠠ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠪᠠ᠃ | ︽ᠬᠥᠮᠦᠨ ᠤ ᠠᠮᠢᠳᠤᠷᠠᠯ ᠤᠨ ᠵᠠᠭᠤᠨ ᠵᠢᠯ ᠪᠣᠯᠪᠠᠰᠤ ᠨᠢᠯᠬ᠎ᠠ ᠬᠡᠦᠬᠡᠳ ᠤᠨ ᠰᠤᠷᠭᠠᠯ ᠳᠤ ᠰᠦᠨᠳᠡᠷᠯᠡᠮᠦᠶ︾᠃ | ᠥᠨᠥᠳᠦᠷ ᠤᠨ ᠨᠢᠯᠬ᠎ᠠ ᠬᠡᠦᠬᠡᠳ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠰᠢᠨ᠎ᠡ ᠬᠦᠴᠦᠨ ᠮᠥᠨ᠂ ᠬᠤᠪᠢ ᠬᠥᠮᠦᠨ ᠤ ᠭᠤᠴᠢ ᠭᠠᠷᠤᠶ ᠵᠢᠯ ᠤᠨ | ᠪᠠᠭᠰᠢᠯᠠᠭᠰᠠᠨ ᠥᠩᠭᠡᠷᠡᠯᠲᠡ ᠲᠠᠢ ᠪᠠᠨ ᠤᠶᠠᠯᠳᠤᠭᠤᠯᠤᠨ ᠶᠠᠨ ᠬᠦᠶ ᠮᠧᠶ ᠢᠯᠡᠷᠬᠡᠶᠢᠯᠡᠬᠦ ᠳᠡᠭᠡᠨ᠂ ᠵᠢᠭᠠᠵᠤ | ᠥᠩᠭᠡᠷᠡᠭᠰᠡᠨ ᠮᠠᠰᠢ ᠣᠯᠠᠨ ᠰᠢᠯᠢᠳᠡᠭ ᠰᠤᠷᠤᠭᠴᠢᠳ ᠴᠥᠮ ᠲᠣᠰ ᠦᠨᠳᠦᠰᠦᠲᠡᠨ ᠤ ᠪᠠᠨ ᠦᠭᠡ ᠬᠡᠯᠡ ᠥᠰᠥᠭ | ᠪᠢᠴᠢᠭ ᠢ ᠰᠠᠶᠢᠲᠤᠷ ᠰᠤᠷᠬᠤ ᠶᠢᠨ ᠬᠠᠮᠲᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ | ᠴᠢᠷᠮᠠᠶᠢᠨ ᠰᠤᠷᠤᠯᠴᠠᠵᠤ᠂ ᠲᠡᠳᠡᠨ ᠤ ᠬᠤᠵᠢᠮ ᠤᠨ ᠨᠠᠩ ᠥᠨᠳᠥᠷ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ | ᠭᠥᠷᠳᠡᠬᠦ ᠳᠤ ᠰᠠᠶᠢᠨ ᠰᠠᠶᠢᠬᠠᠨ ᠨᠥᠬᠦᠴᠡᠯ ᠪᠠ ᠰᠠᠭᠤᠷᠢ ᠶᠢ ᠬᠠᠩᠭᠠᠵᠤ ᠥᠭᠭᠦᠭᠰᠡᠨ ᠪᠠᠶᠢᠨ᠎ᠠ ᠭᠡᠵᠡᠶ᠃ ᠴᠥᠭᠡᠨ | ᠲᠣᠭᠠᠲᠤ ᠦᠨᠳᠦᠰᠦᠲᠡᠨ ᠤ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ | ᠲᠤᠰ ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢ ᠰᠤᠷᠤᠯᠴᠠᠬᠤ ᠨᠢ ᠬᠠᠷᠢᠯᠴᠠᠨ ᠨᠥᠬᠦᠴᠡᠯᠳᠦᠵᠦ᠂ | ᠬᠠᠷᠢᠯᠴᠠᠨ ᠠᠬᠢᠭᠤᠯᠵᠤ ᠪᠣᠯᠬᠤ ᠶᠤᠮ᠃ ᠶᠠᠨ ᠬᠦᠶ ᠮᠧᠶ ᠶᠢᠨ ᠦᠵᠡᠬᠦ ᠪᠠᠷ᠂ ᠴᠥᠭᠡᠨ ᠲᠣᠭᠠᠲᠤ ᠦᠨᠳᠦᠰᠦᠲᠡᠨ ᠤ | ᠣᠯᠠᠨ ᠲᠦᠮᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠠᠶᠢᠲᠤᠷ ᠡᠵᠡᠮᠰᠢᠪᠡᠯ᠂ | ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠨᠠᠩ ᠰᠠᠶᠢᠲᠤᠷ | ᠠᠬᠢᠭᠤᠯᠵᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠵᠦ᠂ ᠦᠨᠳᠦᠰᠦᠲᠡᠨ ᠤ | ᠪᠦᠯᠬᠦᠮᠳᠡᠯ ᠢ ᠠᠬᠢᠭᠤᠯᠤᠨ ᠪᠠᠬᠢᠵᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠵᠦ ᠴᠢᠳᠠᠨ᠎ᠠ᠃ |