ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2021/8/23
    8 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠣᠷᠣᠯᠠᠭᠴᠢ ᠬᠤᠲᠠ ᠶᠢᠨ ᠳᠠᠷᠤᠭ᠎ᠠ ᠵᠢᠢ ᠬᠠᠶ ᠶᠠᠩ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠪᠠᠯᠠ ᠣᠷᠣᠭᠤᠯᠤᠯᠲᠠ ᠶᠢᠨ ᠺᠣᠮᠫᠠᠨᠢ ᠂ ᠤᠰᠤᠨ ᠤ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠢ ᠳᠠᠭᠠᠭᠤᠯᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃

    ᠵᠢᠢ ᠬᠠᠶ ᠶᠠᠩ ᠨᠠᠷ ᠰᠢᠷ᠎ᠠ ᠬᠦᠤᠷ ᠤᠨ ᠲᠤᠰᠠᠭᠠᠷ ᠦᠢᠯᠡᠳᠪᠦᠷᠢ ᠠᠭᠤᠷᠬᠠᠶ ᠶᠢᠨ ᠣᠷᠣᠨ ᠤ ᠢᠵᠢ

ᠪᠦᠷᠢᠳᠦᠭᠦᠯᠬᠦ ᠤᠰᠤ ᠬᠠᠩᠭᠠᠬᠤ ᠬᠤᠭᠤᠯᠠᠶ ᠶᠢᠨ ᠲᠣᠣᠷ ᠤᠨ ᠢᠨᠵᠧᠨᠧᠷᠢᠩ᠂ ᠪᠠᠷᠢᠯᠭ᠎ᠠ ᠶᠢᠨ ᠬᠤᠭ ᠨᠣᠪᠰᠢ ᠪᠤᠯᠠᠬᠤ

ᠲᠠᠯᠠᠪᠠᠶ᠂ ᠳᠣᠯᠣᠳᠤᠭᠠᠷ ᠬᠡᠦᠬᠡᠳ ᠤᠨ ᠴᠡᠴᠡᠷᠯᠢᠭ᠂ ᠭᠤᠣᠯ ᠨᠠᠰᠤᠲᠠᠨ ᠢ ᠠᠰᠠᠷᠠᠬᠤ ᠬᠦᠷᠢᠶᠡᠯᠡᠩ᠂

ᠤᠯᠠᠭᠠᠨᠮᠥ᠋ᠴᠢᠷ ᠤᠨ ᠤᠷᠠᠨ ᠰᠠᠶᠢᠬᠠᠨ ᠤ ᠲᠣᠭᠯᠠᠯᠲᠠ ᠶᠢᠨ ᠲᠥᠪ᠂ ᠪᠠᠶ ᠼᠤᠤ ᠶᠤᠸᠠᠨ᠂ ᠬᠤᠸᠠ ᠵᠧᠤ ᠶᠢᠨ ᠬᠤᠤ

ᠲᠢᠩ ᠪᠠᠭ᠎ᠠ ᠲᠣᠭᠤᠷᠢᠭ ᠵᠡᠷᠭᠡ 7 ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠦᠵᠡᠪᠡ᠃ ᠬᠠᠷᠢᠭᠤ

ᠮᠡᠳᠡᠭᠦᠯᠦᠯᠲᠡ ᠶᠢ ᠰᠣᠨᠣᠰᠴᠤ᠂ ᠮᠠᠲ᠋ᠧᠷᠢᠶᠠᠯ ᠢ ᠦᠵᠡᠵᠦ᠂ ᠠᠬᠢᠴᠠ ᠶᠢ ᠪᠠᠶᠢᠴᠠᠭᠠᠵᠤ᠂ ᠲᠦᠷᠦᠯ ᠵᠦᠢᠯ

ᠨᠢᠭᠡᠪᠦᠷᠢ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠬᠦᠴᠢᠷᠳᠡᠯ ᠪᠣᠯᠤᠨ

ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃

   ᠵᠢᠢ ᠬᠠᠶ ᠶᠠᠩ ᠵᠢᠭᠠᠵᠤ ᠭᠠᠷᠭᠠᠭᠰᠠᠨ ᠨᠢ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ

ᠵᠦᠢᠯᠡᠰ ᠨᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠲᠠᠢ

ᠬᠤᠯᠪᠣᠭᠳᠠᠵᠤ ᠪᠠᠶᠢᠳᠠᠭ ᠪᠣᠯᠬᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ

ᠴᠢᠬᠤᠯᠠᠴᠢᠯᠠᠨ ᠦᠵᠡᠵᠦ᠂ ᠥᠷᠭᠡᠨ ᠣᠯᠠᠨ ᠠᠷᠠᠳ ᠲᠦᠮᠡᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠨ᠎ᠠ᠃ ᠡᠯ᠎ᠡ

ᠰᠠᠯᠠᠭ᠎ᠠ ᠮᠥᠴᠢᠷ ᠨᠢᠭᠡᠴᠡ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ

ᠢᠮᠠᠭᠲᠠ ᠪᠠᠷᠢᠮᠲᠠᠯᠠᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠭᠡᠷ

ᠹᠷᠣᠨᠲ ᠲᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠵᠢᠯᠤᠭᠤᠳᠤᠯᠭ᠎ᠠ ᠬᠢᠵᠦ᠂ ᠲᠦᠷᠦᠯ ᠵᠦᠢᠯ ᠤᠨ ᠪᠦᠳᠦᠭᠡᠨ

ᠪᠠᠶᠢᠭᠤᠯᠤᠯᠲᠠ ᠶᠢᠨ ᠶᠠᠪᠤᠴᠠ ᠳᠤ ᠢᠯᠡᠷᠡᠭᠰᠡᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ

ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ

ᠲᠠᠯ᠎ᠠ ᠶᠢᠨ ᠡᠯᠧᠮᠧᠨ᠋ᠲ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠴᠠᠭ ᠬᠤᠭᠤᠴᠠᠭᠠᠨ ᠤ ᠦᠵᠡᠯᠲᠡ ᠪᠠᠨ

ᠴᠢᠩᠭᠠᠳᠬᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠦᠴᠦᠨ ᠢᠶᠠᠨ

ᠲᠤᠬᠢᠷᠠᠭᠤᠯᠵᠤ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠲᠠᠶᠢᠨ

ᠬᠢᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠡᠷᠲᠡ ᠪᠠᠶᠢᠭᠤᠯᠵᠤ᠂ ᠤᠯᠠᠨ ᠲᠦᠮᠡᠨ ᠳᠤ ᠡᠷᠲᠡ ᠠᠰᠢᠭ

ᠬᠦᠷᠲᠡᠭᠡᠬᠦ ᠶᠢ ᠪᠠᠲᠤᠯᠠᠬᠤ ᠬᠡᠷᠡᠭᠲᠡᠢ ᠬᠡᠪᠡ᠃

 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号