8 ᠰᠠᠷ᠎ᠠ ᠶᠢᠨ 19 ᠤ ᠡᠳᠦᠷ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠶ ᠳ᠋ᠦᠩ ᠮᠠᠨ ᠤ ᠬᠤᠲᠠ ᠳᠤ ᠢᠷᠡᠵᠦ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠂ ᠮᠠᠨ ᠤ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠭᠤᠤ ᠵᠢᠶ ᠶᠧ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠲᠠᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠱᠠᠨ ᠯᠢᠶᠠᠨ ᠾᠧᠩ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠧᠤ ᠬᠠᠶ ᠮᠢᠨ | ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠨ᠎ᠡ ᠯᠢᠤ ᠱᠢ ᠳ᠋ᠦᠩ ᠨᠡᠶᠢᠭᠡᠮ | ᠲᠣᠭᠤᠷᠢᠭ᠂ ᠬᠤᠲᠠ ᠶᠢᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ᠂ ᠬᠤᠲᠠ ᠶᠢᠨ ᠮᠣᠩᠭᠤᠯ | ᠦᠨᠳᠦᠰᠦᠲᠡᠨ ᠤ ᠰᠤᠷᠭᠠᠭᠤᠯᠢ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠮᠠᠨ ᠤ ᠬᠤᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠬᠤ ᠶᠢᠨ ᠬᠠᠮᠲᠤ ᠮᠠᠨ ᠤ ᠬᠤᠲᠠ ᠶᠢᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ | ᠹᠠᠩ ᠢᠦᠢ ᠳ᠋ᠦᠩ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠨᠠᠭᠰᠢᠳᠠ | ᠪᠦᠷᠢᠨᠰᠢᠬᠦᠯᠵᠦ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ︽ᠬᠠᠮᠲᠤ ᠶᠢᠨ ᠴᠣᠭᠴᠠ︾ ᠶᠢ ᠬᠥᠭᠵᠢᠭᠡᠵᠦ᠂ ᠦᠨᠳᠦᠰᠦᠨ ᠱᠠᠲᠤᠨ ᠤ | ᠵᠠᠰᠠᠯᠲᠠ ᠶᠢᠨ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠢᠮᠠᠭᠲᠠ ᠪᠠᠲᠤᠯᠠᠬᠤ ᠶᠢ ᠪᠠᠲᠤᠯᠠᠬᠤ ᠬᠡᠷᠡᠭᠲᠡᠢ᠃ | ᠨᠡᠶᠢᠭᠡᠮ ᠢᠶᠠᠷ ᠢᠶᠠᠨ ᠬᠠᠮᠵᠢᠯᠴᠠᠭᠰᠠᠨ᠂ ᠤᠯᠠᠨ ᠲᠦᠮᠡᠨ ᠣᠷᠣᠯᠴᠠᠭᠰᠠᠨ ᠠᠵᠢᠯ ᠤᠨ ᠲᠠᠪᠴᠠᠩ ᠪᠠ ᠤᠷᠮᠠᠰᠢᠭᠤᠯᠤᠨ | ᠵᠣᠷᠢᠭᠵᠢᠭᠤᠯᠬᠤ ᠲᠣᠭᠲᠠᠴᠠ ᠶᠢ ᠪᠠᠶᠢᠭᠤᠯᠵᠤ᠂ ᠠᠷᠠᠳ ᠤᠯᠠᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ ᠭᠤᠣᠯ | ᠴᠣᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠲᠥᠪᠯᠡᠩᠭᠦᠢ ᠬᠦᠴᠦᠨ ᠢ ᠴᠢᠩᠭᠠᠳᠬᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ | ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠦᠢᠯᠡᠴᠢᠯᠡᠭᠡᠨ ᠤ ᠬᠠᠮᠢᠶᠠᠷᠤᠯᠲᠠ ᠶᠢᠨ | ᠲᠠᠪᠴᠠᠩ ᠢ ᠰᠠᠶᠢᠲᠤᠷ ᠪᠠᠶᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ ᠦᠢᠯᠡᠴᠢᠯᠡᠭᠡ᠂ | ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠤᠯᠬᠤ᠂ ᠨᠡᠭᠡᠭᠡᠯᠲᠡᠲᠡᠢ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ |