ᠬᠤᠳᠠ ᠶᠢᠨ ᠵᠠᠰᠠᠭ ᠤᠨ ᠣᠷᠳᠣᠨ ᠤ ᠪᠦᠬᠦᠳᠠ ᠬᠤᠷᠠᠯ ᠵᠢᠴᠢ ᠠᠷᠢᠭᠤᠨ‌‍ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/26
    8 ᠰᠠᠷ᠎ᠠ ᠶᠢᠨ 25 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠪᠥᠬᠦᠳᠡ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠵᠢᠴᠢ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠱᠠᠲᠤᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃

   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂

ᠣᠷᠣᠯᠠᠭᠴᠢ ᠬᠤᠲᠠ ᠶᠢᠨ ᠳᠠᠷᠤᠭ᠎ᠠ ᠵᠢᠢ ᠬᠠᠢ ᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂

ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ

ᠳᠠᠷᠤᠭ᠎ᠠ ᠱᠠᠨ ᠯᠢᠶᠠᠨ ᠾᠧᠩ ᠬᠤᠷᠠᠯ ᠢ ᠡᠷᠭᠢᠯᠡᠪᠡ᠃ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ

ᠪᠠᠭ ᠤᠨ ᠪᠦᠷᠢᠯᠳᠦᠬᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ

ᠡᠷᠬᠢᠯᠡᠭᠴᠢ᠂ ᠬᠤᠳᠠ ᠶᠢᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠰᠤᠮᠤ ᠵᠡᠭᠡᠯᠢ ᠭᠤᠳᠤᠮᠵᠢ᠂

ᠬᠤᠳᠠ ᠶᠢᠨ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠ ᠶᠢᠨ ᠰᠢᠭᠤᠳ ᠬᠠᠷᠢᠶ᠎ᠠ ᠵᠢᠴᠢ

ᠬᠤᠳᠠ ᠳᠤ ᠰᠠᠭᠤᠭ᠎ᠠ ᠬᠡᠰᠡᠭ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠳᠠ ᠶᠢᠨ

ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠪᠢᠳᠠᠨ ᠬᠠᠮᠢᠶᠠᠷᠬᠤ

ᠬᠠᠷᠢᠭᠤᠴᠠᠯᠭᠠᠲᠠᠨ᠂ ᠬᠤᠳᠠ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠪᠠᠶᠢᠴᠠᠭᠠᠬᠤ

ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃

    ᠵᠢᠢ ᠬᠠᠶ ᠶᠠᠩ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨ᠎ᠡ ᠪᠠᠶᠢᠳᠠᠯ ᠢ

ᠣᠨᠣᠪᠴᠢᠲᠠᠶ ᠡᠵᠡᠮᠰᠢᠵᠦ᠂ ᠵᠠᠰᠠᠭ ᠤᠨ ᠣᠷᠳᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠢ ᠰᠠᠶᠢᠲᠤᠷ

ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ᠃

ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠨᠠᠮ ᠢ

ᠪᠦᠬᠦ ᠲᠠᠯ᠎ᠠ ᠪᠠᠷ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂

ᠢᠯᠵᠠᠷᠠᠯ ᠢ ᠡᠰᠡᠷᠭᠦᠴᠡᠬᠦ ᠠᠵᠢᠯ ᠤᠨ ᠤᠷᠳᠤ ᠬᠤᠭᠤᠴᠠᠭᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠪᠠ ᠨᠠᠷᠢᠨ

ᠪᠤᠳᠤᠯᠢᠶᠠᠨᠲᠤ ᠴᠢᠨᠠᠷ ᠢ ᠭᠦᠨᠵᠡᠭᠡᠶ ᠲᠠᠨᠢᠵᠤ᠂ ᠬᠠᠮᠤᠭ ᠤᠨ ᠢᠯᠡ ᠲᠣᠳᠣᠷᠬᠠᠶ ᠣᠪᠣᠷ᠂ ᠬᠠᠮᠤᠭ ᠤᠨ ᠬᠦᠴᠦᠲᠡᠶ

ᠠᠷᠭ᠎ᠠ ᠬᠡᠮᠵᠢᠶ᠎ᠡ ᠪᠠᠷ ᠵᠠᠰᠠᠭ ᠤᠨ ᠣᠷᠳᠣᠨ ᠤ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠲᠦᠯᠬᠢᠨ

ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠲᠤᠪᠤᠶᠢᠯᠭᠠᠵᠤ᠂

ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠭᠦᠨᠵᠡᠭᠡᠶᠢᠷᠡᠨ ᠥᠷᠨᠢᠬᠦ ᠶᠢ ᠲᠦᠯᠬᠢᠨ ᠠᠬᠢᠭᠤᠯᠬᠤ

ᠬᠡᠷᠡᠭᠲᠡᠶ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂

ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ

ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠨ ᠪᠣᠳᠠᠲᠠᠶᠢᠵᠢᠭᠤᠯᠵᠤ᠂ ᠨᠠᠷᠢᠨ ᠨᠢᠭᠲᠠ ᠪᠤᠳᠤᠵᠤ

ᠡᠳ᠋ ᠤᠨ ᠵᠠᠰᠠᠭ ᠤᠨ ᠠᠵᠢᠯᠯᠠᠭᠠᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ᠂ ᠠᠷᠢᠭᠤᠨ

ᠴᠢᠬᠡᠴᠢ᠂ ᠥᠨᠳᠥᠷ ᠪᠦᠲᠦᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂

ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ

ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂

ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃

ᠤᠯᠤᠰ ᠲᠦᠷᠦ ᠶᠢᠨ ᠪᠠᠶᠢᠭᠤᠯᠤᠯᠲᠠ ᠶᠢᠨ ᠶᠡᠷᠦᠩᠬᠡᠶᠢᠯᠡᠨ ᠵᠢᠯᠣᠭᠤᠳᠬᠤ ᠴᠢᠨᠠᠷ ᠢ ᠲᠤᠪᠤᠶᠢᠯᠭᠠᠨ᠂ ᠨᠠᠮ ᠢ

ᠬᠠᠮᠢᠶᠠᠷᠴᠤ ᠨᠠᠮ ᠢ ᠵᠠᠰᠠᠬᠤ ᠰᠠᠨᠠᠭᠠᠴᠢᠯᠠᠭᠠᠲᠤ ᠴᠢᠨᠠᠷ ᠢ ᠴᠢᠩᠭᠠᠳᠬᠠᠵᠤ᠂ ᠰᠤᠷᠲᠠᠯ ᠢ ᠲᠥᠪ ᠪᠣᠯᠭᠠᠵᠤ ᠰᠠᠬᠢᠯᠭ᠎ᠠ

ᠪᠠᠲᠤ ᠶᠢ ᠴᠢᠩᠳᠠᠯᠠᠬᠤ ᠶᠢᠨ ᠤᠷᠳᠤ ᠬᠤᠭᠤᠴᠠᠭᠠᠲᠤ ᠴᠢᠨᠠᠷ ᠢ ᠪᠠᠲᠤᠳᠬᠠᠨ᠂ ᠬᠢᠨᠠᠯᠲᠠ ᠲᠠᠯᠪᠢᠵᠤ ᠰᠠᠬᠢᠯᠭ᠎ᠠ

ᠪᠠᠲᠤ ᠶᠢ ᠬᠡᠷᠡᠭᠵᠢᠭᠦᠯᠬᠦ ᠶᠢᠨ ᠨᠠᠷᠢᠯᠢᠭ ᠣᠨᠣᠴᠠᠲᠠᠶ ᠴᠢᠨᠠᠷ ᠢ ᠴᠢᠩᠭᠠᠳᠬᠠᠵᠤ᠂ ᠨᠠᠮ ᠢ ᠴᠢᠩᠭ᠎ᠠ ᠬᠠᠮᠢᠶᠠᠷᠴᠤ ᠴᠢᠩᠭ᠎ᠠ

ᠵᠠᠰᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠪᠠᠷ ᠨᠠᠶᠢᠳᠠᠪᠤᠷᠢᠵᠢᠭᠤᠯᠤᠨ᠎ᠠ᠃

ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠣᠨ ᠤ ᠭᠤᠣᠯᠳᠠᠯᠭ᠎ᠠ ᠲᠠᠢ ᠠᠵᠢᠯ ᠢ ᠨᠢᠭᠡᠳᠦᠯᠲᠡᠶ

ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠪᠠᠶᠢᠷᠢᠯᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠵᠤ᠂ ᠨᠢᠭᠡ

ᠴᠤᠭᠴᠠᠵᠢᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ

ᠪᠠᠷᠢᠬᠤ ᠪᠠᠶᠢᠭᠤᠯᠤᠯᠲᠠ ᠪᠠ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ

ᠠᠬᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢᠨ ᠲᠡᠭᠦᠰ ᠠᠮᠵᠢᠯᠲᠠ ᠲᠠᠢ ᠲᠡᠭᠦᠰᠬᠦ ᠶᠢ ᠦᠨᠡᠨ ᠬᠦ ᠪᠠᠲᠤᠯᠠᠵᠤ᠂

ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠶᠢ ᠰᠠᠶᠢᠲᠤᠷ ᠡᠬᠢᠯᠡᠭᠦᠯᠬᠦ᠂ ᠰᠠᠶᠢᠨ

ᠠᠯᠬᠤᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠪᠡ᠃

    ᠬᠤᠷᠠᠯ ᠳᠡᠭᠡᠷ᠎ᠡ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ

ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠲᠢᠶᠠᠨ ᠯᠢ ᡁᠢ ᠣᠳᠣᠬᠠᠨ ᠤ ᠨᠠᠮ ᠤᠨ ᠰᠤᠷᠲᠠᠯ ᠤᠨ ᠪᠠ ᠠᠷᠢᠭᠤᠨ

ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ᠂ ᠵᠠᠰᠠᠭ ᠤᠨ

ᠣᠷᠳᠣᠨ ᠤ ᠰᠠᠯᠠᠭ᠎ᠠ ᠮᠥᠴᠢᠷ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ

ᠪᠠᠶᠢᠭᠤᠯᠤᠯᠲᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠶᠢᠨ

ᠲᠤᠰᠢᠶᠠᠯ ᠬᠠᠷᠢᠭᠤᠴᠠᠯᠭ᠎ᠠ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠣᠯᠠᠨ ᠳᠤ ︽ᠠᠷᠢᠭᠤᠨ

ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠰᠬᠠᠶ ᠰᠡᠳᠦᠪᠲᠦ ᠵᠢᠯᠣᠭᠤᠳᠣᠯᠭ᠎ᠠ︾ ᠬᠢᠭᠰᠡᠨ ᠪᠠᠶᠢᠨ᠎ᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号