8 ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ | ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 4 ᠤᠳᠠᠭᠠᠨ ᠤ ᠪᠠᠶᠢᠩᠭᠤ ᠶᠢᠨ | ᠬᠤᠷᠢᠶᠠᠨ ᠤ ︵ᠥᠷᠭᠡᠳᠬᠡᠭᠰᠡᠨ︶ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ | ᠡᠯ᠎ᠡ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ | ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠡ ᠶᠢᠨ ᠬᠤᠶᠠᠷ ᠳᠠᠷᠤᠭ᠎ᠠ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠰᠤᠮᠤ ᠵᠡᠭᠡᠯᠢ ᠭᠤᠳᠤᠮᠵᠢ ᠶᠢᠨ ᠨᠠᠮ | ᠵᠠᠰᠠᠭ ᠤᠨ ᠵᠢᠩᠬᠢᠨᠢ ᠲᠤᠰᠢᠶᠠᠯ ᠵᠢᠴᠢ ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | | | | | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠤᠯᠤᠰ ᠲᠦᠷᠦ ᠶᠢᠨ ᠲᠤᠪᠴᠢᠶ᠎ᠠ ᠶᠢᠨ | ᠭᠤᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ | ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠣᠷᠣᠯᠠᠭᠴᠢ ᠲᠡᠷᠢᠭᠦᠯᠡᠭᠴᠢ ᠸᠠᠩ ᠯᠢ ᠰᠢᠶᠠ ᠶᠢᠨ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ | ᠤᠯᠠᠭᠠᠨᠬᠠᠳᠠ ᠬᠤᠳᠠ᠂ ᠲᠦᠩᠯᠢᠶᠣᠤ ᠬᠤᠳᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ | ᠰᠠᠨᠠᠭ᠎ᠠ᠂ ᠲᠦᠩᠯᠢᠶᠣᠤ ᠬᠤᠳᠠ ᠶᠢᠨ ᠨᠠᠮ ᠤᠨ ᠬᠤᠷᠢ᠊ ᠡᠶ᠎ᠡ ᠶᠢᠨ ᠲᠠᠪᠤᠳᠤᠭᠠᠷ ᠬᠤᠭᠤᠴᠠᠭᠠᠨ ᠤ ᠠᠷᠪᠠᠨ | ᠳᠥᠷᠪᠡᠳᠦᠭᠡᠷ ᠪᠦᠬᠦᠳᠠ ᠬᠤᠷᠠᠯ᠂ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ | ᠭᠤᠤ ᠵᠢᠢ ᠶᠧ ᠳ᠋ᠦᠩᠨᠡᠯᠲᠡ ᠶᠢᠨ ᠶᠠᠷᠢᠶᠠᠲ᠋ᠠᠯᠪᠢᠵᠦ ᠵᠢᠭᠠᠵᠦ ᠭᠠᠷᠭᠠᠬᠰᠠᠨ ᠨᠢ᠄ ᠪᠦᠬᠦ ᠬᠤᠲᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠦᠬᠦ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠶ | ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ | ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ ᠲᠤᠤᠱᠯᠠᠭᠤᠯᠬᠤ ᠶᠢ ᠳᠥᠯᠭᠢᠨ ᠠᠬᠢᠭᠤᠯᠵᠤ᠂ ᠠᠭᠤᠤ | ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠠᠵᠢᠯ ᠤᠨ ᠰᠡᠳᠬᠢᠴᠡ ᠶᠢᠨ ᠰᠢᠨᠵᠢᠯᠡᠬᠦ | ᠤᠬᠠᠭᠠᠨᠴᠢ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠰᠠᠭᠤᠳᠠᠯ ᠢ ᠰᠢᠢᠳᠪᠦᠷᠢᠯᠡᠬᠦ ᠪᠣᠳᠠᠲᠤ ᠪᠦᠲᠦᠮᠵᠢᠲᠦ | ᠴᠢᠨᠠᠷ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠤᠨ | ᠠᠬᠢᠴᠠ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ | ᠬᠦᠴᠦᠨ ᠢ ᠤᠯᠠᠮ ᠴᠢᠨᠠᠭᠰᠢᠳᠠ ᠨᠢᠭᠲᠠᠷᠠᠭᠤᠯᠬᠤ ᠬᠡᠷᠡᠭᠲᠡᠢ᠃ | ᠭᠤᠤ ᠵᠢᠶ ᠶᠧ ᠴᠢᠬᠤᠯᠠᠴᠢᠯᠠᠭᠰᠠᠨ ᠨᠢ᠂ ᠮᠠᠨ ᠤ ᠬᠤᠲᠠ ᠶᠢᠨ ᠣᠳᠣᠬᠠᠨ ᠤ ᠠᠵᠤ ᠠᠬᠤᠶ ᠶᠢᠨ | ᠬᠥᠭᠵᠢᠯᠲᠡ ᠶᠢᠨ ᠪᠠᠶᠢᠳᠠᠯ ᠢ ᠦᠨᠡᠨ ᠬᠦ ᠲᠣᠳᠣᠷᠬᠠᠶ ᠲᠠᠨᠢᠵᠤ᠂ ᠰᠠᠭᠤᠷᠢ ᠲᠥᠬᠦᠭᠡᠷᠦᠮᠵᠢ᠂ ᠴᠠᠬᠢᠯᠭᠠᠨ ᠬᠦᠴᠦᠨ ᠤ | ᠪᠠᠲᠤᠯᠠᠭ᠎ᠠ᠂ ᠤᠰᠤᠨ ᠤ ᠡᠬᠢ ᠪᠠᠶᠠᠯᠢᠭ ᠤᠨ ᠪᠠᠲᠤᠯᠠᠭ᠎ᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠵᠡᠷᠭᠡ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ ᠢ ᠭᠦᠨᠵᠡᠭᠡᠶ ᠰᠤᠳᠤᠯᠵᠤ᠂ | ᠪᠡᠷᠬᠡ ᠶᠢ ᠰᠢᠪᠲᠤᠯᠤᠨ ᠪᠡᠷᠬᠡ ᠶᠢ ᠳᠠᠪᠠᠵᠤ᠂ ᠡᠷᠡᠯᠬᠡᠭᠯᠡᠨ ᠤᠷᠤᠭᠰᠢᠯᠠᠵᠤ᠂ ᠴᠢᠨᠠᠷ ᠰᠠᠶᠢᠲᠠᠶ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠰᠢᠨ᠎ᠡ ᠵᠠᠮ ᠢ ᠴᠢᠷᠮᠠᠶᠢᠨ ᠨᠡᠭᠡᠭᠡᠬᠦ ᠬᠡᠷᠡᠭᠲᠡᠶ᠃ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ | ᠲᠠᠯ᠎ᠠ ᠪᠠᠷ ᠰᠢᠯᠢᠳᠡᠭᠵᠢᠭᠦᠯᠦᠨ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠭᠠᠶᠢᠯᠢ ᠶᠢ ᠬᠥᠩᠭᠡᠯᠡᠵᠦ | ᠰᠦᠢᠳᠭᠡᠯ ᠢ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠬᠦ᠂ ᠰᠢᠨ᠎ᠡ ᠶᠢ ᠡᠭᠦᠳᠬᠦ ᠶᠢ | ᠵᠣᠷᠢᠭᠵᠢᠭᠤᠯᠬᠤ ᠵᠡᠷᠭᠡ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠤᠤᠯᠢᠩᠭᠤᠤᠯ ᠳᠤ ᠪᠠᠯᠠ ᠣᠷᠣᠭᠤᠯᠤᠭᠰᠠᠨ ᠠᠵᠤ ᠠᠬᠤᠶᠢᠯᠠᠯ ᠤᠨ | ᠬᠥᠭᠵᠢᠯᠲᠡ ᠳᠤ ᠵᠢᠯᠣᠭᠤᠴᠢ ᠶᠢᠨ ᠦᠢᠯᠡᠳᠦᠯ ᠢ ᠰᠠᠶᠢᠲᠤᠷ ᠪᠠᠲᠤᠯᠠᠵᠤ᠂ ᠠᠶᠠᠯᠠᠯ ᠢ ᠰᠠᠶᠢᠲᠤᠷ ᠬᠠᠮᠠᠭᠠᠯᠠᠬᠤ ᠬᠡᠷᠡᠭᠲᠡᠶ | ᠃ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠠᠵᠢᠯ ᠢ ᠪᠣᠳᠠᠲᠠᠶᠢᠵᠢᠭᠤᠯᠵᠤ᠂ ᠡᠨᠧᠷᠭᠢ | ᠠᠷᠪᠢᠯᠠᠵᠤ ᠬᠤᠷᠣᠭᠳᠠᠭᠤᠯᠤᠯ ᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠡᠨᠧᠷᠭᠢ ᠶᠢᠨ | ᠬᠥᠭᠵᠢᠯᠲᠡ ᠶᠢ ᠰᠢᠰᠲ᠋ᠧᠮ ᠲᠠᠢ ᠲᠥᠯᠥᠪᠵᠢᠭᠦᠯᠵᠦ᠂ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ | ᠴᠢᠩᠭᠠᠳᠬᠠᠨ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠬᠠᠷᠠᠯᠲᠠ ᠶᠢ ᠪᠡᠶᠡᠯᠡᠭᠦᠯᠬᠦ ᠶᠢ | ᠦᠨᠡᠨᠬᠦ ᠪᠠᠲᠤᠯᠠᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠨᠠᠭᠰᠢᠳᠠ | ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠶᠤᠨᠴᠢᠯᠠᠭᠰᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠵᠤ᠂ ᠠᠮᠤᠷ ᠲᠦᠪᠰᠢᠨ ᠲᠣᠭᠲᠠᠭᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠤᠨ ᠶᠡᠭᠡ ᠶᠠᠪᠤᠳᠠᠯ ᠢ | ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠪᠢᠴᠢᠭᠯᠡᠬᠦ ᠬᠡᠷᠡᠭᠲᠡᠢ᠃ ᠤᠯᠤᠰ ᠲᠦᠷᠦ ᠪᠠᠷ ᠬᠦᠳᠦᠯᠦᠨ | ᠳᠠᠭᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ | ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠠᠢ | ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠵᠢᠯ ᠢᠶᠠᠨ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |