ᠮᠠᠨ ᠤ ᠬᠤᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠠᠬᠢᠵᠢᠭᠦᠯᠦᠯᠳᠡ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2021/8/30
    8 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠬᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠠᠴᠠ ᠬᠠᠮᠲᠤᠷᠠᠨ ᠡᠷᠬᠢᠯᠡᠭᠰᠡᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ︽ᠶᠡᠭᠡ ᠤᠬᠠᠭᠤᠯᠤᠨ ᠲᠠᠶᠢᠯᠪᠤᠷᠢᠯᠠᠬᠤ︾ ᠠᠵᠤ ᠠᠬᠤᠶᠢᠯᠠᠯ ᠳᠤ ᠣᠷᠣᠬᠤ ᠠᠵᠢᠯᠯᠠᠭ᠎ᠠ ᠥᠪᠥᠷ ᠮᠣᠩᠭᠤᠯ ᠤᠨ ᠶᠢᠨ ᠯᠢᠶᠠᠨ ᠬᠦᠩᠭᠡᠨ ᠴᠠᠭᠠᠨ ᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠢᠯᠯᠠᠭ᠎ᠠ ᠶᠢ ᠲᠠᠶᠢᠯᠤᠮᠵᠢ ᠶᠢᠨ ᠬᠡᠯᠪᠡᠷᠢ ᠪᠠᠷ ᠥᠷᠨᠢᠭᠦᠯᠵᠦ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠮᠢᠶᠣᠣ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠰᠢᠤ ᠹᠧᠩ ᠠᠵᠢᠯᠯᠠᠭ᠎ᠠ ᠳᠤ ᠣᠷᠣᠯᠴᠠᠪᠠ᠃

    ᠸᠠᠩ ᠮᠢᠶᠣᠣ᠂ ᠡᠯ᠎ᠡ ᠠᠵᠤ ᠠᠬᠤᠶᠢᠯᠠᠯ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠠᠷᠢᠭᠤᠴᠠᠯᠭ᠎ᠠ ᠶᠢ ᠤᠬᠠᠮᠰᠠᠷ ᠠᠴᠠ ᠪᠠᠨ

ᠡᠭᠦᠷᠭᠡᠯᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠢᠳᠡᠪᠬᠢᠲᠡᠢ ᠤᠬᠠᠭᠤᠯᠤᠭᠴᠢ᠂

ᠬᠦᠴᠦᠲᠡᠢ ᠠᠬᠢᠭᠤᠯᠤᠭᠴᠢ ᠪᠣᠯᠬᠤ ᠬᠡᠷᠡᠭᠲᠡᠢ᠃ ᠠᠵᠤ ᠠᠬᠤᠶᠢᠯᠠᠯ ᠤᠨ ᠺᠠᠳ᠋ᠷ ᠠᠵᠢᠯᠳᠠᠨ ᠠᠵᠢᠯᠴᠢᠨ ᠤ ᠦᠵᠡᠯ

ᠰᠠᠨᠠᠭᠠᠨ ᠤ ᠵᠢᠯᠤᠭᠤᠳᠤᠯᠭ᠎ᠠ᠂ ᠬᠤᠪᠢᠰᠬᠠᠯ ᠤᠨ ᠬᠥᠮᠦᠵᠢᠯ ᠤᠨ ᠠᠵᠢᠯ ᠢ ᠦᠨᠡᠨᠬᠦ ᠰᠠᠶᠢᠲᠤᠷ ᠬᠢᠵᠦ᠂

ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠠᠵᠤ ᠠᠬᠤᠶᠢᠯᠠᠯ ᠳᠤ ᠣᠷᠣᠭᠤᠯᠬᠤ

ᠠᠵᠢᠯᠯᠠᠭ᠎ᠠ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃

ᠨᠡᠶᠢᠭᠡᠮ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ

ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ

ᠭᠤᠣᠯ ᠰᠢᠵᠢᠮ ᠪᠣᠯᠭᠠᠵᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠬᠠᠮᠲᠤᠪᠠᠷ

ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ

ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠬᠡᠵᠦ ᠴᠢᠩᠭᠠᠳᠬᠠᠪᠠ᠃

   ᠲᠠᠶᠢᠯᠤᠮᠵᠢ ᠳᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠪᠦᠦ ᠶᠦᠩ ᠯᠢ

ᠲᠡᠦᠬᠡ ᠶᠢᠨ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ ᠬᠢᠯᠪᠠᠷ ᠣᠶᠢᠯᠠᠭᠠᠮᠵᠢᠲᠠᠶ ᠦᠭᠡ ᠬᠡᠯᠡᠯᠭᠡ ᠪᠠᠷ ᠶᠠᠭᠤ ᠶᠢ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ᠂ ᠶᠠᠭᠤᠨ ᠳᠤ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠪᠠᠬᠢ ᠪᠤᠢ ᠪᠣᠯᠭᠠᠬᠤ ᠭᠤᠷᠪᠠᠨ

ᠲᠠᠯ᠎ᠠ ᠶᠢᠨ ᠠᠭᠤᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠪᠠ᠃ ᠤᠯᠠᠨ ᠢ ᠬᠦᠲᠦᠯᠦᠨ

ᠵᠢᠯᠣᠭᠤᠳᠴᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ

ᠥᠭᠦᠯᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠦᠵᠡᠯ ᠰᠠᠨᠠᠭᠠᠨ ᠤ ᠰᠠᠭᠤᠷᠢ ᠶᠢ

ᠪᠠᠳᠤᠳᠬᠠᠪᠠ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号