8 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ | ᠡᠷᠭᠢᠯᠡᠭᠰᠡᠨ ᠪᠥᠬᠦ ᠬᠤᠲᠠ ᠶᠢᠨ ᠰᠣᠨᠢᠨ ᠮᠡᠳᠡᠭᠡ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠠᠩᠭᠢ | ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ ᠰᠤᠷᠤᠯᠭ᠎ᠠ | ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ | ᠰᠢᠨ ᠰᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠸᠠᠩ ᠮᠢᠶᠣᠣ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ ᠬᠤᠳᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠬᠤᠳᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠣᠶᠣᠯ ᠵᠤᠭᠠᠴᠠᠯ ᠤᠨ | ᠲᠤᠪᠴᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ | ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠣᠯᠤᠨ ᠺᠠᠳ᠋ᠷ᠂ ᠡᠯ᠎ᠡ ᠨᠠᠮ ︵ᠠᠵᠢᠯᠴᠢᠨ ᠤ ᠡᠪᠯᠡᠯ︶ ᠤᠨ | ᠬᠤᠷᠢᠶ᠎ᠠ ᠶᠢᠨ ᠤᠬᠠᠭᠤᠯᠬᠤ ᠭᠡᠰᠢᠭᠦᠨ᠂ ᠬᠤᠳᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠰᠣᠨᠢᠨ | ᠮᠡᠳᠡᠭᠡᠨ ᠤ ᠴᠢᠮᠡᠭᠡᠯᠡᠭᠴᠢ ᠨᠡᠶᠢᠳᠡ 120 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ | | | | | ᠠᠩᠭᠢ ᠡᠬᠢᠯᠡᠬᠦ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ ᠰᠢᠨ ᠰᠢᠨ ᠪᠠᠶᠠᠷ ᠤᠨ ᠦᠭᠡ ᠬᠡᠯᠡᠵᠡᠶ᠃ ᠰᠢᠨ ᠰᠢᠨ ᠵᠢᠭᠠᠵᠤ ᠭᠠᠷᠭᠠᠭᠰᠠᠨ ᠨᠢ | ᠂ ᠪᠥᠬᠦ ᠬᠤᠲᠠ ᠶᠢᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠵᠦ | ᠪᠠᠶᠢᠬᠤ ᠶᠢᠨ ᠵᠣᠷᠢᠯᠭ᠎ᠠ ᠪᠣᠯ ᠰᠤᠷᠤᠯᠴᠠᠯᠭ᠎ᠠ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠥᠬᠦ ᠬᠤᠲᠠ ᠶᠢᠨ ᠰᠣᠨᠢᠨ | ᠮᠡᠳᠡᠭᠡᠨ ᠤ ᠮᠡᠳᠡᠭᠡ ᠵᠠᠩᠭᠢ ᠶᠢᠨ ᠠᠵᠢᠯᠲᠠᠨ ᠤ ᠶᠡᠷᠦᠩᠬᠡᠶ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠤᠷᠲᠠᠯ ᠤᠬᠠᠭᠤᠯᠭ᠎ᠠ ᠰᠣᠶᠣᠯ ᠤᠨ | ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ ᠶᠤᠮ᠃ ᠰᠢᠨ ᠰᠢᠨ | ᠴᠢᠬᠤᠯᠠᠴᠢᠯᠠᠭᠰᠠᠨ ᠨᠢ᠂ ᠥᠷᠭᠡᠨ ᠣᠯᠠᠨ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠠᠵᠢᠯᠲᠠᠳ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠣᠨᠢᠨ ᠮᠡᠳᠡᠭᠡᠨ ᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ | ᠶᠡᠭᠡ ᠲᠠᠯ᠎ᠠ ᠶᠢ ᠡᠵᠡᠮᠳᠡᠨ᠂ ᠴᠠᠭ ᠦᠶ᠎ᠡ ᠶᠢᠨ ᠤᠨᠴᠠᠯᠢᠭ ᠶᠢ ᠴᠢᠩᠭ᠎ᠠ ᠠᠳᠬᠤᠵᠤ᠂ ᠰᠣᠨᠢᠨ ᠮᠡᠳᠡᠭᠡᠨ ᠤ ᠮᠡᠳᠡᠭᠡ | ᠵᠠᠩᠭᠢ ᠶᠢᠨ ᠠᠵᠢᠯᠲᠠᠳ ᠤᠨ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ | ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠬᠡᠪᠡ᠃ | ᠪᠣᠯᠪᠠᠰᠤᠷᠠᠯ ᠤᠨ ᠠᠩᠭᠢ ᠳᠤ᠂ ᠲᠦᠩᠯᠢᠶᠣᠤ ᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠷᠢᠶ᠎ᠠ ᠶᠢᠨ ᠳᠡᠳ᠋ ᠳᠠᠷᠤᠭ᠎ᠠ ᠭᠤᠸᠠᠨ ᠰᠢᠤᠸᠠᠢ ᠴᠢᠨ ᠵᠢᠴᠢ ᠲᠦᠩᠯᠢᠶᠣᠤ ᠶᠢᠨ | ᠡᠳᠦᠷ ᠤᠨ ᠰᠣᠨᠢᠨ ᠤ ᠬᠤᠷᠢᠶ᠎ᠠ ᠶᠢᠨ ᠲᠤᠰᠬᠠᠶ ᠮᠡᠷᠭᠡᠵᠢᠯᠲᠡᠳ᠂ ᠲᠤᠰ ᠲᠤᠰ ︽ᠰᠣᠨᠢᠨ ᠮᠡᠳᠡᠭᠡᠨ ᠤ ᠲᠥᠰᠦᠪᠯᠡᠯ ᠢ | ᠬᠡᠷᠬᠢᠨ ᠰᠠᠶᠢᠲᠤᠷ ᠬᠢᠬᠦ︾᠂ ︽ᠰᠣᠨᠢᠨ ᠮᠡᠳᠡᠭᠡᠨ ᠤ ᠭᠡᠷᠡᠯ ᠵᠢᠷᠤᠭ ᠤᠨ ᠤᠷ᠎ᠠ ᠮᠡᠷᠭᠡᠵᠢᠯ ᠵᠢᠴᠢ ᠰᠡᠭᠦᠯᠴᠢ ᠶᠢᠨ | ᠬᠤᠭᠤᠴᠠᠭᠠᠨ ᠤ ᠦᠢᠯᠡᠳᠬᠡᠯ︾᠂ ︽ᠵᠠᠭᠤᠴᠢᠯᠠᠭᠤᠷ ᠤᠨ ᠠᠭᠤᠰᠤᠯᠴᠠᠯ ᠤᠨ ᠴᠠᠭ ᠦᠶ᠎ᠡ ᠳᠤ ᠰᠣᠨᠢᠨ ᠮᠡᠳᠡᠭᠡᠨ ᠤ | ᠭᠤᠣᠯ ᠪᠠᠷᠠᠭ᠎ᠠ ᠶᠢ ᠬᠡᠷᠬᠢᠨ ᠦᠢᠯᠡᠳᠪᠦᠷᠢᠯᠡᠬᠦ︾᠂ ︽ᠣᠬᠤᠷ ᠸᠢᠳᠢᠣ᠋ ᠶᠢᠨ ᠠᠭᠤᠯᠭ᠎ᠠ ᠶᠢᠨ ᠪᠦᠲᠦᠭᠡᠯᠴᠢ ᠰᠡᠳᠬᠢᠮᠵᠢ | ᠪᠠ ᠦᠢᠯᠡᠳᠬᠡᠯ︾ ᠵᠡᠷᠭᠡ ᠭᠤᠣᠯ ᠰᠡᠳᠦᠪ ᠤᠨ ᠲᠣᠭᠤᠷᠢᠨ ᠳᠤ᠂ ᠲᠣᠰ ᠪᠡᠶ᠎ᠡ ᠶᠢᠨ ᠡᠯᠪᠡᠭ ᠪᠠᠶᠠᠯᠢᠭ ᠠᠵᠢᠯ ᠤᠨ | ᠲᠤᠷᠰᠢᠯᠭ᠎ᠠ ᠲᠠᠢ ᠪᠠᠨ ᠤᠶᠠᠯᠳᠤᠭᠤᠯᠤᠨ᠂ ᠣᠯᠠᠨ ᠳᠤ ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡᠨ ᠤ | ᠬᠡᠷᠡᠯ ᠵᠢᠷᠤᠭ᠂ ᠬᠠᠮ ᠵᠠᠭᠤᠴᠢᠯᠠᠭᠤᠷ ᠤᠨ ᠲᠠᠪᠴᠠᠩ ᠤᠨ ᠠᠭᠤᠯᠭ᠎ᠠ ᠶᠢᠨ ᠦᠢᠯᠡᠳᠪᠦᠷᠢᠯᠡᠯ ᠵᠢᠴᠢ ᠣᠬᠤᠷ ᠬᠠᠷᠠᠭᠠᠨ | ᠳᠠᠪᠲᠠᠮᠵᠢ ᠶᠢᠨ ᠵᠣᠬᠢᠶᠠᠨ ᠪᠦᠲᠦᠭᠡᠯᠭᠡ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠨ ᠥᠭᠴᠦ᠂ ᠮᠠᠨ ᠤ | ᠬᠤᠲᠠ ᠶᠢᠨ ᠰᠣᠨᠢᠨ ᠮᠡᠳᠡᠭᠡᠨ ᠤ ᠠᠵᠢᠯᠲᠠᠳ ᠲᠤ ︽ᠴᠠᠬᠢᠯᠭᠠᠨ ᠴᠡᠨᠡᠭᠯᠡᠵᠦ︾ ᠮᠡᠳᠡᠯᠬᠡ ᠮᠡᠷᠭᠡᠵᠢᠯ ᠬᠠᠩᠭᠠᠵᠦ | ᠥᠭᠪᠡ᠃ |