8 ᠰᠠᠷ᠎ᠠ ᠶᠢᠨ 29 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠣ ᠵᠢᠶ ᠶᠧ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠤ | ᠲᠠᠷᠠᠭ᠎ᠠ ᠶᠠᠷᠢᠯᠴᠠᠬᠤ ᠬᠤᠷᠠᠯ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ | ᠣᠷᠳᠣᠨ ᠤ ᠳᠡᠳ᠋ ᠬᠤᠲᠠ ᠶᠢᠨ ᠳᠠᠷᠤᠭ᠎ᠠ ᠱᠠᠨ ᠯᠢᠶᠠᠨ ᠾᠧᠩ᠂ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢᠦ ᠵᠧ ᠬᠤᠸᠠ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠰᠢᠤ ᠹᠧᠩ ᠵᠢᠴᠢ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠵᠡᠷᠭᠡ ᠨᠢᠭᠡᠴᠡ ᠶᠢᠨ ᠬᠠᠷᠢᠭᠤᠴᠠᠯᠭᠠᠲᠠᠨ ᠨᠥᠬᠦᠳ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠤᠳᠤᠷᠢᠳᠬᠤ ᠪᠠᠭ ᠤᠨ ᠪᠦᠷᠢᠯᠳᠦᠬᠦᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠤᠶᠤ | ᠶᠠᠷᠢᠯᠴᠠᠬᠤ ᠬᠤᠷᠠᠯ ᠳᠤ ᠣᠷᠣᠯᠴᠠᠵᠠᠶ᠃ | | | | | ᠭᠤᠤ ᠵᠢᠢ ᠶᠧ ᠨᠡᠷ ᠤᠷᠢᠳ ᠬᠤᠵᠢᠳ ᠴᠤᠸᠠᠩ ᠶᠤᠸᠠᠨ ᠲᠡᠮᠦᠷᠯᠢᠭ᠂ ᠵᠢᠨᠯᠢᠶᠠᠨ ᠬᠦᠩᠭᠡᠨ ᠴᠠᠭᠠᠨ ᠤ | ᠮᠠᠲ᠋ᠧᠷᠢᠶᠠᠯ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ | ᠠᠵᠤ ᠠᠬᠤᠶᠢᠯᠠᠯ ᠤᠨ ᠦᠢᠯᠡᠳᠪᠦᠷᠢᠯᠡᠯ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠶᠢ | ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠷᠠᠭᠠᠪᠠᠷ ᠨᠢ ᠬᠤᠷᠠᠯᠳᠤᠭᠤᠯᠤᠭᠰᠠᠨ | ᠶᠠᠷᠢᠯᠴᠠᠬᠤ ᠬᠤᠷᠠᠯ ᠳᠡᠭᠡᠷ᠎ᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ | ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠠᠢ᠃ | ᠭᠤᠤ ᠵᠢᠶ ᠶᠧ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠠᠵᠢᠯ ᠢ ᠲᠣᠪᠤᠶᠢᠮ᠎ᠠ ᠪᠠᠶᠢᠷᠢᠨ ᠳᠤ ᠲᠠᠯᠪᠢᠨ | ᠠᠳᠬᠤᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠬᠤᠪᠢ ᠨᠡᠮᠡᠷᠢ ᠶᠢᠨ ᠬᠡᠮᠵᠢᠶ᠎ᠡ᠂ ᠭᠠᠶᠢᠯᠢ ᠲᠠᠲᠠᠪᠤᠷᠢ ᠶᠢᠨ ᠪᠠᠶᠢᠳᠠᠯ ᠳᠤ | ᠶᠡᠷᠦᠩᠬᠡᠶᠢᠯᠡᠭᠰᠡᠨ ᠦᠨᠡᠯᠡᠯᠲᠡ ᠬᠢᠵᠦ᠂ ᠴᠢᠩᠭ᠎ᠠ ᠬᠦᠴᠦᠲᠡᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠣᠭᠤᠮᠢ ᠬᠢᠵᠠᠭᠠᠷᠯᠠᠯ ᠢ | ᠲᠦᠷᠭᠡᠨ ᠡᠪᠳᠡᠵᠦ᠂ ᠬᠦᠩᠭᠡᠨ ᠴᠠᠭᠠᠨ ᠤ ᠰᠡᠭᠦᠯᠴᠢ ᠶᠢᠨ ᠡᠳ᠋ᠰᠢᠭᠦᠯᠦᠯᠲᠡ ᠶᠢᠨ ᠠᠵᠤ ᠠᠬᠤᠶᠢᠯᠠᠯ ᠤᠨ ︽ | ᠬᠠᠳᠠᠭᠠᠯᠠᠯᠲᠠ ᠶᠢᠨ ᠳᠠᠪᠠᠭᠤᠯᠢᠭ︾ ᠢ ᠭᠦᠢᠴᠡᠳ ᠪᠠᠳᠠᠷᠠᠭᠤᠯᠵᠤ᠂ ᠬᠦᠩᠭᠡᠨ ᠴᠠᠭᠠᠨ ᠤ ᠤᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠬᠦᠳᠦᠯᠦᠨ ᠵᠢᠯᠣᠭᠤᠳᠴᠤ | ᠪᠠᠶᠢᠭᠠᠳ ᠤᠯᠠᠮ ᠴᠢᠨᠠᠭᠰᠢᠳᠠ ᠬᠡᠯᠬᠢᠶ᠎ᠡ ᠶᠢ ᠨᠥᠬᠦᠪᠥᠷᠢᠯᠡᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠵᠤ᠂ | ᠬᠦᠩᠭᠡᠨ ᠴᠠᠭᠠᠨ ᠤ ᠡᠳ᠋ᠰᠢᠭᠦᠯᠦᠯᠲᠡ ᠶᠢᠨ ᠠᠵᠤ ᠦᠢᠯᠡᠰ ᠤᠨ ᠨᠠᠷᠢᠯᠢᠬᠵᠢᠭᠰᠠᠨ᠂ ᠳᠡᠭᠡᠳᠦ ᠲᠡᠰᠵᠢᠭᠰᠡᠨ᠂ | ᠤᠷᠤᠶᠢᠯᠠᠭᠰᠠᠨ ᠬᠥᠭᠵᠢᠯᠲᠡ ᠶᠢ ᠠᠬᠢᠭᠤᠯᠵᠤ᠂ ᠪᠦᠬᠦ ᠬᠤᠳᠠ ᠶᠢᠨ ᠬᠦᠩᠭᠡᠨ ᠴᠠᠭᠠᠨ ᠤ ᠠᠵᠤ ᠦᠢᠯᠡᠰ ᠤᠨ | ᠦᠷᠭᠦᠯᠵᠢᠯᠡᠬᠦ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠪᠠᠷ ᠬᠠᠷᠠᠯᠲᠠ ᠪᠣᠯᠭᠠᠵᠤ᠂ ᠤᠰᠤ᠂ | ᠴᠠᠬᠢᠯᠭᠠᠨ᠂ ᠬᠡᠢ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠤᠰᠤ ᠲᠠᠲᠠᠬᠤ ᠢᠨᠵᠧᠨᠧᠷᠢᠩ᠂ ᠨᠡᠮᠡᠭᠳᠡᠯ ᠴᠠᠬᠢᠯᠭᠠᠨ ᠲᠦᠭᠡᠭᠡᠬᠦ ᠲᠣᠣᠷ ᠤᠨ ᠲᠤᠷᠰᠢᠯᠲᠠ ᠶᠢᠨ | ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ | ᠪᠠᠶᠢᠷᠢᠰᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠴᠢᠩᠭ᠎ᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠠᠮᠤᠷ | ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠮᠤᠷ ᠲᠦᠪᠰᠢᠨ ᠲᠣᠭᠲᠠᠭᠤᠨ ᠤ ᠠᠷᠭ᠎ᠠ | ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ | ᠡᠷᠡᠰ ᠬᠤᠷᠢᠭᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠬᠡᠪᠡ᠃ |