| ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠮᠥᠩᠭᠦᠨ ᠬᠦᠢᠯᠭᠡᠭᠡᠨ ᠤ ᠠᠯᠪᠠᠨ ᠬᠡᠷ ᠠᠴᠠ | ᠣᠶᠢᠯᠠᠭᠠᠭᠰᠠᠨ ᠨᠢ᠂ 7 ᠰᠠᠷ᠎ᠠ ᠶᠢᠨ ᠡᠴᠦᠰ ᠪᠣᠯᠲᠠᠯ᠎ᠠ᠂ ᠮᠠᠨ ᠤ ᠬᠤᠲᠠ ᠶᠢᠨ ᠡᠯ᠎ᠡ ᠪᠠᠩᠬᠢ ᠶᠢᠨ ᠦᠢᠯᠡᠰ ᠤᠨ | ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 104.83% ᠪᠣᠯᠪᠠ︔ | ᠡᠯ᠎ᠡ ᠵᠦᠶ᠋ᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 113.84 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 12.68 ᠳ᠋ᠦᠩᠰᠢᠭᠤᠷ ᠲᠥᠭᠦᠷᠢᠭ ᠨᠡᠮᠡᠭᠳᠡᠨ᠂ 12.54% ᠨᠡᠮᠡᠭᠳᠡᠵᠦ᠂ | ᠲᠦᠩᠯᠢᠶᠣᠤ ᠬᠤᠲᠠ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠶᠢᠨ 7.42% ᠢ ᠡᠵᠡᠯᠡᠵᠦ᠂ | ᠳᠥᠷᠪᠡᠳᠦᠭᠡᠷ ᠲᠤ ᠵᠢᠭᠰᠠᠭᠠᠭᠳᠠᠪᠠ᠃ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 119.34 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1 ᠳ᠋ᠦᠩᠰᠢᠭᠤᠷ ᠲᠥᠭᠦᠷᠢᠭ | ᠨᠡᠮᠡᠭᠳᠡᠨ᠂ 2.66% ᠨᠡᠮᠡᠭᠳᠡᠵᠦ᠂ ᠲᠦᠩᠯᠢᠶᠣᠤ ᠬᠤᠲᠠ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ | ᠲᠤᠭ᠎ᠠ ᠶᠢᠨ 10.04% ᠶᠢ ᠡᠵᠡᠯᠡᠵᠦ᠂ 2 ᠳ᠋ᠤᠭᠠᠷ ᠲᠤ ᠵᠢᠭᠰᠠᠭᠠᠭᠳᠠᠪᠠ᠃ | | | | | 2021 ᠣᠨ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ | ᠪᠥᠬᠦ ᠬᠤᠲᠠ ᠶᠢᠨ ᠮᠥᠩᠭᠦᠨ ᠬᠦᠢᠯᠭᠡᠭᠡᠨ ᠤ ᠰᠢᠰᠲ᠋ᠧᠮ ᠤᠨ ᠬᠢᠨ ᠭᠤᠤᠯᠳᠠᠯᠭ᠎ᠠ ᠶᠢᠨ ᠲᠣᠭᠤᠷᠢᠨ ᠳᠤ᠂ ᠶᠡᠭᠡ | ᠲᠠᠯ᠎ᠠ ᠳᠤ ᠦᠢᠯᠡᠴᠢᠯᠡᠬᠦ ᠪᠠᠷ ᠠᠵᠢᠯ ᠤᠨ ᠭᠤᠤᠯ ᠰᠢᠵᠢᠮ ᠪᠣᠯᠭᠠᠵᠤ᠂ ᠮᠥᠩᠭᠦᠨ ᠬᠦᠢᠯᠬᠡᠬᠡᠨ ᠤ ᠠᠵᠢᠯᠯᠠᠭᠠᠨ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠮᠥᠩᠭᠦᠨ ᠬᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ | ᠦᠢᠯᠡᠴᠢᠯᠡᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠨ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠲᠤᠷᠰᠢᠯᠲᠠ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠲᠣᠭᠲᠠᠭᠤᠨ ᠢᠶᠠᠷ ᠥᠷᠨᠢᠵᠦ᠂ ᠪᠥᠬᠦ ᠬᠤᠲᠠ ᠶᠢᠨ | ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠦᠲᠦᠮᠵᠢᠲᠡᠶ ᠮᠥᠩᠭᠦᠨ ᠬᠦᠢᠯᠭᠡᠭᠡᠨ ᠤ ᠳᠡᠮᠵᠢᠯᠭᠡ ᠬᠠᠩᠭᠠᠪᠠ᠃ |