ᠬᠠᠷᠢᠶᠠᠲᠤ ᠣᠷᠣᠨ ᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠲᠠᠯᠠᠪᠤᠷ ᠭᠠᠵᠠᠷ ᠤᠨ ᠭᠠᠯ | ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠠᠮᠤᠷ | ᠲᠦᠪᠰᠢᠨ ᠤ ᠳᠠᠯᠳᠠ ᠬᠡᠮ ᠢ ᠪᠠᠭᠠᠰᠬᠠᠬᠤ ᠶᠢᠨ ᠲᠥᠯᠥᠭᠡ᠂ 8 ᠰᠠᠷ᠎ᠠ ᠶᠢᠨ 27 ᠤ ᠡᠳᠦᠷ᠂ ᠬᠤᠶᠢᠲᠤ | ᠥᠷᠲᠡᠭᠡᠨ ᠤ ᠨᠡᠶᠢᠭᠡᠮ ᠲᠣᠭᠤᠷᠢᠭ ᠤᠨ ᠠᠵᠢᠯᠲᠠᠳ ᠬᠠᠷᠢᠶᠠᠲᠤ ᠣᠷᠣᠨ ᠤ ᠲᠣᠮᠣ ᠬᠡᠯᠪᠡᠷᠢ ᠶᠢᠨ ᠬᠥᠮᠥᠷᠭᠡᠯᠡᠨ | ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠲᠠᠯᠠᠪᠤᠷ ᠭᠠᠵᠠᠷ ᠲᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ | ᠲᠦᠪᠰᠢᠨ ᠤ ᠲᠤᠰᠬᠠᠶ ᠪᠠᠶᠢᠴᠠᠭᠠᠯᠲᠠ ᠬᠢᠪᠡ᠃ | | | | | ᠪᠠᠶᠢᠴᠠᠭᠠᠬᠤ ᠳᠤᠭᠤᠶᠢᠯᠠᠩ ᠤᠨ ᠬᠢᠨ ᠬᠠᠷᠢᠶᠠᠲᠤ ᠣᠷᠣᠨ ᠤ ᠳᠣᠲᠣᠷᠠᠬᠢ ᠲᠣᠮᠣ ᠬᠡᠯᠪᠡᠷᠢ ᠶᠢᠨ ᠬᠥᠮᠥᠷᠭᠡᠯᠡᠨ | ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠬᠥᠮᠥᠷᠭᠡ ᠳᠠᠬᠢ ᠭᠠᠯ ᠤᠨᠲᠠᠷᠠᠭᠠᠬᠤ ᠪᠡᠯᠡᠳᠬᠡᠮᠵᠢ ᠶᠢ ᠪᠦᠷᠢᠨ ᠭᠦᠢᠴᠡᠳ | ᠳᠣᠭᠢᠷᠠᠭᠤᠯᠤᠭᠰᠠᠨ ᠡᠰᠡᠬᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠲᠠᠷᠬᠠᠭᠠᠬᠤ ᠵᠠᠮ ᠪᠠ | ᠠᠮᠤᠷ ᠲᠦᠪᠰᠢᠨ ᠭᠠᠷᠬᠤ ᠡᠭᠦᠳᠡ ᠰᠠᠭᠠᠳ ᠥᠬᠡᠶ ᠨᠡᠪᠲᠡᠷᠡᠭᠰᠡᠨ ᠡᠰᠡᠬᠦ᠂ ᠠᠶᠤᠯ ᠥᠬᠡᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠪᠠᠶᠢᠳᠠᠯ ᠳᠤ ᠭᠤᠤᠯᠳᠠᠯᠭ᠎ᠠ ᠲᠠᠢ ᠨᠠᠷᠢᠨ ᠪᠠᠶᠢᠴᠠᠭᠠᠯᠲᠠ | ᠬᠢᠪᠠ᠃ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠯ᠎ᠡ ᠬᠥᠮᠥᠷᠭᠡᠯᠡᠨ | ᠬᠠᠳᠠᠭᠠᠯᠠᠬᠤ ᠪᠠᠷᠠᠭᠠᠨ ᠤ ᠬᠦᠢᠯᠭᠡᠭᠡᠨ ᠤ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠷᠢᠭᠤᠴᠠᠯᠭᠠᠲᠠᠨ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠳᠠᠯᠳᠠ ᠬᠡᠮ ᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ |