ᠰᠠᠭᠤᠭᠠᠯᠢ ᠠᠷᠠᠳ ᠤᠨ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ | ᠣᠷᠴᠢᠨ ᠠᠬᠤᠶ ᠶᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠶᠢᠨ ᠲᠥᠯᠥᠭᠡ᠂ 8 ᠰᠠᠷ᠎ᠠ ᠶᠢᠨ | 27 ᠤ ᠡᠳᠦᠷ᠂ ᠠᠳᠠᠯ ᠦᠢᠯᠡᠰ ᠴᠣᠭᠴᠠᠯᠠᠬᠤ ᠨᠡᠶᠢᠭᠡᠮ ᠲᠣᠭᠤᠷᠢᠭ ᠤᠨ ᠬᠢᠨ ︽ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ᠂ ᠪᠣᠬᠢᠷᠲᠤᠯ ᠦᠭᠡᠢ ᠬᠥᠭᠵᠢᠭᠦᠯᠬᠦ︾ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | | | | | ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ | ᠳᠤᠷ᠎ᠠ ᠶᠢᠨ ᠠᠵᠢᠯᠯᠠᠭᠴᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠵᠠᠷᠯᠠᠯ ᠨᠠᠭᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ | ᠴᠢᠨᠠᠷ ᠢ ᠤᠬᠠᠭᠤᠯᠵᠤ᠂ ᠣᠯᠠᠨ ᠢᠶᠠᠷ ᠢᠶᠠᠨ ᠡᠨᠧᠷᠭᠢ ᠠᠷᠪᠢᠯᠠᠬᠤ ᠳ᠋ᠧᠩ ᠬᠡᠷᠡᠭᠯᠡᠬᠦ᠂ ᠨᠢᠭᠡ ᠯᠡ ᠤᠳᠠᠭ᠎ᠠ ᠬᠡᠷᠡᠭᠯᠡᠬᠦ | ᠬᠤᠭᠤᠯᠠᠨ ᠤ ᠰᠠᠪᠠ ᠬᠡᠷᠡᠭᠰᠡᠯ ᠬᠡᠷᠡᠭᠯᠡᠬᠦ ᠥᠬᠡᠶ᠂ ᠠᠮᠢᠳᠤᠷᠠᠯ ᠤᠨ ᠬᠠᠶᠠᠭᠳᠠᠮᠠᠯ ᠪᠣᠳᠠᠰ ᠢ ᠲᠥᠷᠥᠯ ᠬᠤᠪᠢᠶᠠᠨ | ᠬᠠᠳᠠᠭᠠᠯᠠᠬᠤ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠰᠠᠨᠠᠭᠠᠴᠢᠯᠠᠵᠠᠶ᠃ ᠤᠯᠠᠨ ᠢᠶᠠᠷ ᠢᠶᠠᠨ᠂ ᠵᠠᠪᠠᠯ ᠥᠪᠡᠷ ᠤᠨ | ᠪᠡᠶ᠎ᠡ ᠠᠴᠠ ᠪᠠᠨ ᠡᠬᠢᠯᠡᠨ ᠬᠢᠵᠦ᠂ ᠨᠡᠩ ᠠᠷᠪᠢᠲᠠᠢ᠂ ᠠᠷᠢᠭᠤᠨ ᠴᠡᠪᠡᠷ᠂ ᠪᠣᠯᠪᠠᠰᠤᠨ ᠪᠣᠬᠢᠷᠲᠤᠯ ᠦᠭᠡᠢ ᠭᠡᠷ | ᠣᠷᠣᠨ ᠢ ᠪᠦᠳᠦᠭᠡᠨ ᠪᠠᠶᠢᠭᠤᠯᠤᠨ᠎ᠠ ᠭᠡᠵᠦ ᠢᠯᠡᠳᠬᠡᠵᠡᠭᠡᠪᠡ᠃ |