ᠣᠶᠢᠷ᠎ᠠ ᠳᠤ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠸᠠᠺᠼᠢᠨ ᠤ ᠲᠠᠷᠢᠯᠭ᠎ᠠ ᠶᠢᠨ | ᠴᠡᠭ ᠲᠤ᠂ ᠰᠢᠨ᠎ᠡ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠠᠷ ᠢᠷᠡᠭᠰᠡᠨ ᠬᠤᠲᠠ ᠶᠢᠨ ᠠᠷᠠᠳ ᠠᠮᠠᠪᠴᠢ | ᠵᠡᠭᠦᠵᠦ᠂ ᠮᠥᠷᠯᠡᠨ ᠵᠣᠭᠰᠣᠵᠤ ᠸᠠᠺᠼᠢᠨ ᠤ ᠲᠠᠷᠢᠯᠭ᠎ᠠ ᠬᠢᠬᠦ ᠪᠠᠷ ᠬᠦᠯᠢᠶᠡᠵᠦ ᠪᠠᠶᠢᠬᠤ ᠶᠢ ᠰᠤᠷᠪᠤᠯᠵᠢᠯᠠᠭᠴᠢ ᠬᠠᠷᠠᠯ᠎ᠠ | ᠃ | | | | | ᠥᠪᠥᠷ ᠮᠣᠩᠭᠤᠯ ᠤᠨ ᠶᠢᠨ ᠯᠢᠶᠠᠨ ᠬᠦᠩᠭᠡᠨᠴᠠᠭᠠᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠠᠵᠢᠯᠯᠠᠵᠤ | ᠪᠠᠶᠢᠭᠰᠠᠨ ᠰᠢᠤᠸᠠᠢ ᠬᠠᠶ ᠹᠧᠩ ᠠᠯᠢ ᠡᠷᠲᠡ ᠬᠤᠲᠠ ᠶᠢᠨ ᠬᠢᠲᠠᠳ ᠮᠤᠩᠭᠤᠯ ᠡᠮᠨᠡᠯᠭᠡ ᠶᠢᠨ ᠬᠤᠷᠢᠶ᠎ᠠ ᠳᠤ ᠬᠦᠷᠴᠦ | ᠮᠥᠷᠯᠡᠨ ᠬᠦᠯᠢᠶᠡᠵᠦ ᠪᠠᠶᠢᠯ᠎ᠠ᠂ ᠲᠠᠷᠢᠯᠭ᠎ᠠ ᠶᠢ ᠤᠷᠤᠭᠰᠢᠲᠠᠶ ᠬᠢᠬᠦ ᠶᠢ ᠪᠠᠲᠤᠯᠠᠬᠤ ᠶᠢᠨ ᠲᠥᠯᠥᠭᠡ ︽ᠲᠡᠷᠡ | ᠥᠪᠡᠷ ᠤᠨ ᠪᠡᠶ᠎ᠡ ᠪᠠ ᠪᠤᠰᠤᠳ ᠲᠤ ᠬᠠᠷᠢᠭᠤᠴᠠᠬᠤ ᠣᠪᠣᠷ ᠢᠶᠠᠷ᠂ ᠣᠶᠢᠷ᠎ᠠ ᠶᠢᠨ ᠬᠤᠭᠤᠴᠠᠭᠠᠨ ᠳᠤ ᠠᠷᠢᠬᠢ | ᠤᠤᠭᠤᠬᠤ ᠥᠬᠡᠶ᠂ ᠠᠮᠢᠳᠤᠷᠠᠯ ᠤᠨ ᠳᠠᠳᠬᠠᠯ ᠢᠶᠠᠨ ᠠᠩᠬᠠᠷᠴᠤ᠂ ᠡᠷᠡᠭᠦᠯ ᠪᠠᠶᠢᠳᠠᠯ ᠢᠶᠠᠨ ᠪᠠᠲᠤᠯᠠᠵᠤ᠂ | ᠴᠠᠭ ᠲᠠᠭᠠᠨ ᠲᠠᠷᠢᠯᠭ᠎ᠠ ᠬᠢᠬᠦ ᠶᠢ ᠦᠨᠡᠨ ᠬᠦ ᠪᠠᠲᠤᠯᠠᠬᠤ ᠬᠡᠷᠡᠭᠲᠡᠶ︾ ᠭᠡᠵᠦ ᠴᠢᠩᠭ᠎ᠠ ᠱᠠᠭᠠᠷᠳᠠᠭᠰᠠᠨ ᠪᠠᠶᠢᠨ᠎ᠠ᠃ | ᠰᠢᠤᠸᠠᠢ ᠬᠠᠶ ᠹᠧᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢ ᠪᠣᠯ ᠠᠵᠤ ᠠᠬᠤᠶᠢᠯᠠᠯ ᠤᠨ ᠵᠠᠰᠠᠭ ᠵᠠᠬᠢᠷᠭᠠᠨ ᠤ | ᠠᠵᠢᠯ ᠬᠢᠵᠦ ᠪᠠᠶᠢᠭ᠎ᠠ ᠬᠥᠮᠦᠨ᠂ ᠡᠩ ᠤᠨ ᠦᠶ᠎ᠡ ᠳᠤ ᠬᠠᠷᠢᠯᠴᠠᠬᠤ ᠬᠥᠮᠦᠨ ᠴᠦ ᠨᠡᠯᠢᠶᠡᠳ ᠣᠯᠠᠨ ᠪᠠᠶᠢᠳᠠᠭ᠂ | ᠥᠨᠥᠳᠦᠷ ᠰᠦᠢᠳᠬᠡᠯ ᠬᠤᠷᠢᠶᠠᠬᠤ ᠥᠬᠡᠶ ᠪᠠᠷ ᠸᠠᠺᠼᠢᠨ ᠤ ᠲᠠᠷᠢᠯᠭ᠎ᠠ ᠬᠢᠬᠦ ᠪᠠᠷ ᠢᠷᠡᠭᠰᠡᠨ ᠪᠣᠯᠬᠤᠷ ᠬᠤᠵᠢᠮ | ᠬᠠᠮᠢᠭ᠎ᠠ ᠠᠵᠢᠯ ᠢᠶᠠᠷ ᠭᠠᠳᠠᠭᠰᠢ ᠭᠠᠷᠬᠤ ᠳᠤ ᠴᠤ ᠰᠡᠳᠬᠢᠯ ᠠᠮᠤᠷ ᠪᠠᠶᠢᠳᠠᠭ︾ ᠭᠡᠵᠡᠶ᠃ | ᠰᠢᠨ᠎ᠡ ᠸᠠᠺᠼᠢᠨ ᠤ ᠲᠠᠷᠢᠯᠭ᠎ᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ | ᠮᠠᠨ ᠤ ᠬᠤᠲᠠ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠸᠠᠺᠼᠢᠨ ᠤ ᠲᠠᠷᠢᠯᠭ᠎ᠠ ᠶᠢᠨ | ᠠᠵᠢᠯ ᠳᠤ ᠲᠣᠬᠢᠷᠠᠭᠤᠯᠤᠯᠲᠠ ᠪᠠ ᠲᠣᠬᠢᠷᠠᠭᠤᠯᠤᠯᠲᠠ ᠬᠢᠵᠡᠶ᠃ ᠡᠭᠦᠨ ᠤ ᠵᠡᠷᠭᠡ ᠳᠤ ᠠᠵᠢᠯᠲᠠᠳ ᠢ ᠵᠣᠬᠢᠶᠠᠨ | ᠪᠠᠶᠢᠭᠤᠯᠵᠤ᠂ ᠪᠦᠷᠭᠡ᠂ ᠸᠢᠴᠠᠲ ᠤᠨ ᠪᠦᠯᠦᠭ ᠢ ᠥᠷᠭᠡᠨ ᠢᠶᠠᠷ ᠤᠬᠠᠭᠤᠯᠬᠤ ᠶᠢᠨ ᠬᠠᠮᠲᠤ ᠰᠦᠯᠵᠢᠶᠡᠨ ᠤ | ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠬᠦᠴᠦᠨ ᠢ ᠳᠠᠶᠢᠴᠢᠯᠠᠨ ᠡᠷᠦᠬᠡ ᠳᠠᠷᠠᠭᠠᠯᠠᠨ ᠮᠡᠳᠡᠭᠳᠡᠵᠦ᠂ | ᠸᠠᠺᠼᠢᠨ ᠤ ᠲᠠᠷᠢᠯᠭ᠎ᠠ ᠶᠢᠨ ᠠᠵᠢᠯ ᠤᠨ ᠲᠤᠬᠠᠶ ᠰᠠᠭᠤᠭᠠᠯᠢ ᠠᠷᠠᠳ ᠤᠨ ᠣᠶᠢᠯᠠᠭᠠᠬᠤ ᠨᠣᠷᠮ᠎ᠠ ᠶᠢ ᠲᠠᠰᠤᠷᠠᠯᠲᠠ | ᠦᠭᠡᠶ ᠳᠡᠭᠡᠭᠰᠢᠯᠡᠭᠦᠯᠵᠦ᠂ ᠬᠦᠯᠢᠶᠡᠨ ᠠᠪᠬᠤ ᠶᠣᠰᠣᠲᠠᠶ ᠶᠢ ᠨᠢ ᠪᠦᠬᠦᠨ ᠢ ᠬᠦᠯᠢᠶᠡᠨ ᠠᠪᠬᠤ ᠬᠡᠷᠡᠭᠲᠡᠶ᠃ | 【 ᠲᠠ ᠲᠠᠷᠢᠯᠭ᠎ᠠ ᠶᠢᠨ ᠬᠠᠭᠤᠳᠠᠰᠤ ᠪᠠᠨ ᠨᠠᠳᠠᠳᠤ ᠦᠵᠡᠭᠦᠯᠦᠭᠡᠴᠢ᠂ ᠪᠡᠶ᠎ᠡ ᠴᠢᠨᠢ ᠡᠪ ᠦᠭᠡᠢ ᠪᠢᠰᠢ ᠪᠢᠵᠡ᠂ | ᠠᠵᠢᠭᠯᠠᠯᠳᠠ ᠶᠢᠨ ᠴᠠᠭ ᠨᠢ ᠲᠤᠯᠪᠠᠯ ᠰᠠᠶ᠋ᠢ ᠶᠠᠪᠤᠵᠤ ᠪᠣᠯᠤᠨ᠎ᠠ︾ ᠭᠡᠵᠦ ᠬᠡᠯᠡᠵᠡᠶ᠃ ᠡᠨᠡ ᠬᠦ ᠲᠠᠷᠢᠯᠭ᠎ᠠ ᠶᠢᠨ | ᠬᠠᠭᠤᠳᠠᠰᠤ ᠪᠠᠨ ᠨᠠᠳᠠ ᠳᠤ ᠦᠵᠡᠭᠦᠯᠦᠭᠡᠴᠢ᠂ ᠪᠡᠶ᠎ᠡ ᠴᠢᠨᠢ ᠡᠪ ᠦᠭᠡᠢ ᠪᠠᠶᠢᠳᠠᠯ ᠪᠠᠶᠢᠬᠤ ᠦᠭᠡᠢ ᠪᠢᠵᠡ᠂ | ᠠᠵᠢᠭᠯᠠᠯᠳᠠ ᠶᠢᠨ ᠴᠠᠭ ᠨᠢ ᠲᠤᠯᠪᠠᠯ ᠰᠠᠶ᠋ᠢ ᠰᠠᠯᠵᠤ ᠪᠣᠯᠬᠤ ᠶᠤᠮ᠃ 】 ᠦᠯᠡᠳᠡᠭᠡᠨ ᠠᠵᠢᠭᠯᠠᠬᠤ ᠲᠣᠭᠤᠷᠢᠭ ᠤᠨ | ᠡᠮᠨᠡᠯᠭᠡ ᠶᠢᠨ ᠠᠵᠢᠯᠲᠠᠳ ᠬᠤᠲᠠ ᠶᠢᠨ ᠠᠷᠠᠳ ᠨᠢᠭᠡᠪᠦᠷᠢ ᠶᠢᠨ ᠲᠠᠷᠢᠯᠭ᠎ᠠ ᠶᠢᠨ ᠬᠠᠭᠤᠳᠠᠰᠤ ᠶᠢ ᠨᠠᠷᠢᠨ ᠨᠢᠮᠪᠠᠶ | ᠪᠠᠶᠢᠴᠠᠭᠠᠨ ᠦᠵᠡᠵᠦ᠂ ᠠᠵᠢᠭᠯᠠᠯᠳᠠ ᠶᠢᠨ ᠴᠠᠭ 30 ᠮᠢᠨᠦ᠋ᠲ ᠤᠨ ᠴᠠᠭ ᠲᠤ ᠨᠡᠶᠢᠴᠡᠬᠦ ᠶᠢ ᠦᠨᠡᠨ ᠬᠦ ᠪᠠᠲᠤᠯᠠᠪᠠ᠃ | ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠶᠠᠪᠤᠳᠠᠯ ᠤᠨ ᠰᠠᠯᠠᠭᠠᠨ ᠤ ᠡᠷᠬᠢᠯᠡᠭᠴᠢ ᠸᠠᠩ ᠴᠢ ᠮᠢᠩ | ᠬᠡᠯᠡᠬᠦ ᠳᠡᠭᠡᠨ᠄ 【 ᠰᠣᠯᠪᠢᠴᠠᠭ᠎ᠠ ᠬᠠᠯᠳᠠᠪᠤᠷᠢᠯᠠᠯ ᠪᠠ ᠸᠠᠺᠼᠢᠨ ᠤ ᠲᠠᠷᠢᠯᠭ᠎ᠠ ᠶᠢᠨ ᠬᠥᠮᠦᠰ ᠤᠨ ᠡᠪ ᠥᠬᠡᠶ ᠪᠠᠶᠢᠳᠠᠯ | ᠪᠠᠶᠢᠬᠤ ᠡᠰᠡᠬᠦ ᠶᠢ ᠰᠡᠷᠭᠡᠶᠢᠯᠡᠬᠦ ᠶᠢᠨ ᠲᠥᠯᠥᠭᠡ᠂ ᠪᠢᠳᠡ ᠡᠪᠡᠳᠴᠢᠲᠡᠨ ᠨᠢᠭᠡᠪᠦᠷᠢ ᠳᠤ ᠴᠥᠮ ᠡᠪᠡᠳᠴᠢᠨ ᠤ | ᠲᠡᠤᠬᠡ ᠶᠢᠨ ᠪᠠᠶᠢᠴᠠᠭᠠᠯᠲᠠ ᠬᠢᠵᠦ᠂ ᠣᠶᠢᠷ᠎ᠠ ᠶᠢᠨ ᠬᠤᠭᠤᠴᠠᠭᠠᠨ ᠳᠤ ᠲᠦᠷᠭᠡᠨ ᠴᠢᠨᠠᠷᠲᠠᠶ ᠬᠠᠯᠳᠠᠪᠤᠷᠢᠯᠠᠯ᠂ | ᠬᠠᠯᠠᠭᠤᠷᠠᠯ ᠤᠨ ᠢᠯᠡᠷᠡᠯ ᠪᠠᠶᠢᠬᠤ ᠡᠰᠡᠬᠦ ᠶᠢ ᠪᠠᠶᠢᠴᠠᠭᠠᠭᠰᠠᠨ ᠤ ᠳᠠᠷᠠᠭ᠎ᠠ ᠳᠡᠩᠰᠡᠯᠡᠵᠦ᠂ ᠬᠠᠮᠤᠭ ᠤᠨ ᠶᠠᠭᠠᠷᠠᠯᠲᠠᠶ | ᠦᠶ᠎ᠡ ᠳᠤ ᠡᠳᠦᠷ ᠪᠦᠷᠢ ᠶᠢᠨ ᠲᠠᠷᠢᠯᠭ᠎ᠠ ᠶᠢᠨ ᠴᠠᠭ ᠨᠢ ᠥᠷᠯᠥᠭᠡ ᠶᠢᠨ ᠨᠠᠢᠮᠠᠨ ᠴᠠᠭ ᠬᠠᠭᠠᠰ ᠠᠴᠠ ᠣᠷᠣᠶ ᠶᠢᠨ | ᠨᠠᠢᠮᠠᠨ ᠴᠠᠭ ᠪᠣᠯᠲᠠᠯ᠎ᠠ ᠳᠠᠭᠤᠰᠴᠤ᠂ ᠪᠥᠬᠦ ᠡᠳᠦᠷ ᠲᠤ 1800 ᠭᠠᠷᠤᠶ ᠬᠥᠮᠦᠨ ᠤᠳᠠᠭ᠎ᠠ ᠶᠢ ᠪᠡᠶᠡᠯᠡᠭᠦᠯᠵᠦ | ᠲᠠᠶᠢᠯᠤᠨ᠎ᠠ᠃ 】 ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶᠠᠨ ᠤ ᠸᠠᠺᠼᠢᠨ ᠤ ᠲᠠᠷᠢᠯᠭ᠎ᠠ ᠶᠢᠨ ᠴᠡᠭ ᠲᠤ ᠮᠡᠳᠡᠭᠡ ᠵᠠᠩᠭᠢ ᠶᠢ ᠬᠠᠷᠭᠤᠭᠤᠯᠬᠤ ᠣᠷᠣᠨ᠂ ᠳᠠᠩᠰᠠᠯᠠᠬᠤ | ᠣᠷᠣᠨ᠂ ᠲᠠᠷᠢᠯᠭ᠎ᠠ ᠶᠢᠨ ᠣᠷᠣᠨ᠂ ᠦᠯᠡᠳᠡᠭᠡᠨ ᠠᠵᠢᠭᠯᠠᠬᠤ ᠣᠷᠣᠨ ᠵᠡᠷᠭᠡ ᠣᠯᠠᠨ ᠲᠤᠰᠬᠠᠶ ᠬᠡᠷᠡᠭᠯᠡᠬᠦ ᠣᠷᠣᠨ ᠢ | ᠪᠠᠶᠢᠭᠤᠯᠤᠭᠰᠠᠨ ᠢᠶᠠᠷ ᠪᠠᠷᠠᠬᠤ ᠦᠭᠡᠶ᠂ ᠡᠮᠨᠡᠯᠭᠡ ᠶᠢᠨ ᠠᠵᠢᠯᠲᠠᠳ ᠪᠠᠰᠠ ᠲᠠᠷᠢᠯᠭ᠎ᠠ ᠶᠢᠨ ᠠᠵᠢᠯᠲᠠᠨ ᠤ ᠠᠩᠬᠠᠷᠬᠤ | ᠵᠦᠢᠯ ᠢ ᠨᠠᠷᠢᠨ ᠲᠣᠳᠣᠷᠬᠠᠶ ᠮᠡᠳᠡᠭᠳᠡᠵᠦ᠂ ᠲᠠᠷᠢᠯᠭ᠎ᠠ ᠶᠢᠨ ᠠᠵᠢᠯᠲᠠᠨ ᠤ ᠬᠤᠯᠪᠣᠭᠳᠠᠯ ᠪᠥᠬᠦᠶ ᠮᠡᠳᠡᠭᠡ ᠵᠠᠩᠭᠢ ᠶᠢ | ᠪᠦᠷᠢᠳᠬᠡᠨ ᠲᠡᠮᠳᠡᠭᠯᠡᠵᠦ᠂ ᠵᠥᠪᠰᠢᠶᠡᠷᠡᠯ ᠤᠨ ᠪᠢᠴᠢᠭ ᠲᠣᠭᠲᠠᠵᠤ᠂ ᠸᠠᠺᠼᠢᠨ ᠤ ᠲᠠᠷᠢᠯᠭ᠎ᠠ ᠶᠢᠨ ᠮᠡᠷᠭᠡᠵᠢᠯ ᠤᠨ | ᠵᠢᠷᠤᠮᠵᠢᠯ ᠶᠣᠰᠣᠭᠠᠷ ᠸᠠᠺᠼᠢᠨ ᠤ ᠲᠠᠷᠢᠯᠭ᠎ᠠ ᠶᠢ ᠪᠡᠶᠡᠯᠡᠭᠦᠯᠵᠦ᠂ ᠲᠠᠷᠢᠯᠭ᠎ᠠ ᠶᠢᠨ ᠪᠣᠶ ᠪᠥᠬᠦᠶ ᠠᠵᠢᠯᠲᠠᠨ | ᠲᠣᠭᠲᠠᠭᠰᠠᠨ ᠣᠷᠣᠨ ᠪᠦᠰᠡ ᠳᠤ 30 ᠮᠢᠨᠦ᠋ᠲ ᠦᠯᠡᠳᠡᠭᠡᠨ ᠠᠵᠢᠭᠯᠠᠭᠰᠠᠨ ᠤ ᠳᠠᠷᠠᠭ᠎ᠠ ᠮᠠᠭᠤ ᠨᠥᠯᠥᠭᠡ ᠭᠠᠷᠬᠤ | ᠥᠬᠡᠶ ᠪᠣᠯ ᠰᠠᠶ᠋ᠢ ᠰᠠᠯᠵᠤ ᠶᠠᠪᠤᠵᠤ ᠪᠣᠯᠤᠨ᠎ᠠ᠃ | 8 ᠰᠠᠷ᠎ᠠ ᠶᠢᠨ 29 ᠤ ᠡᠳᠦᠷ ᠪᠣᠯᠲᠠᠯ᠎ᠠ᠂ ᠪᠥᠬᠦ ᠬᠤᠲᠠ ᠳᠤ ᠨᠢᠭᠡᠳᠦᠭᠡᠷ ᠲᠠᠷᠢᠯᠭ᠎ᠠ ᠶᠢᠨ ᠡᠮ ᠨᠡᠶᠢᠲᠡ | 116574 ᠬᠥᠮᠦᠨ ᠪᠠᠶᠢᠵᠤ᠂ ᠬᠤᠶᠠᠳᠤᠭᠠᠷ ᠲᠠᠷᠢᠯᠭ᠎ᠠ ᠶᠢᠨ ᠡᠮ ᠨᠡᠶᠢᠲᠡ 111895 ᠬᠥᠮᠦᠨ ᠪᠠᠶᠢᠵᠤ᠂ 8 | ᠰᠠᠷ᠎ᠠ ᠶᠢᠨ 16 ᠤ ᠡᠳᠦᠷ ᠪᠣᠯᠲᠠᠯ᠎ᠠ 15 — 17 ᠪᠦᠬᠦᠯᠢ ᠨᠠᠰᠤ ᠬᠦᠷᠦᠭᠰᠡᠳ ᠲᠠᠷᠢᠵᠦ ᠡᠬᠢᠯᠡᠨ᠂ ᠨᠢᠭᠡᠳᠦᠭᠡᠷ | ᠲᠠᠷᠢᠯᠭ᠎ᠠ ᠶᠢᠨ ᠡᠮ ᠨᠡᠶᠢᠲᠡ 3673 ᠬᠥᠮᠦᠨ ᠪᠠᠶᠢᠵᠤ᠂ ᠬᠤᠶᠠᠳᠤᠭᠠᠷ ᠲᠠᠷᠢᠯᠭ᠎ᠠ ᠶᠢᠨ ᠡᠮ ᠨᠡᠶᠢᠲᠡ 2386 | ᠬᠥᠮᠦᠨ ᠪᠠᠶᠢᠨ᠎ᠠ᠃ 12 — 14 ᠪᠦᠬᠦᠯᠢ ᠨᠠᠰᠤᠨ ᠤ ᠬᠤᠭᠤᠴᠠᠭᠠᠨ ᠳᠤ᠂ ᠨᠢᠭᠡᠳᠦᠭᠡᠷ ᠲᠠᠷᠢᠯᠭ᠎ᠠ ᠬᠢᠭᠰᠡᠨ | ᠬᠥᠮᠦᠨ ᠤ ᠲᠤᠭ᠎ᠠ ᠨᠡᠶᠢᠲᠡ 4051 ᠬᠥᠮᠦᠨ ᠪᠠᠶᠢᠵᠤ᠂ ᠸᠠᠺᠼᠢᠨ ᠤ ᠲᠠᠷᠢᠯᠭ᠎ᠠ ᠶᠢᠨ ᠨᠣᠷᠮ᠎ᠠ ᠨᠢ ᠥᠪᠡᠷᠲᠡᠭᠡᠨ | ᠵᠠᠰᠠᠬᠤ ᠣᠷᠣᠨ ᠤ ᠲᠡᠷᠢᠭᠦᠨ ᠳᠤ ᠵᠢᠭᠰᠠᠭᠠᠭᠳᠠᠵᠤ᠂ ᠲᠠᠷᠢᠯᠭ᠎ᠠ ᠲᠠᠷᠢᠭᠰᠠᠳ ᠲᠤ ᠡᠩ ᠤᠨ ᠪᠠ ᠬᠡᠪ ᠤᠨ ᠪᠤᠰᠤ | ᠲᠤᠰᠬᠠᠯ ᠭᠠᠷᠤᠭᠰᠠᠨ ᠥᠬᠡᠶ᠃ | | | |