8 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ | ᠭᠤᠤ ᠵᠢᠶ ᠶᠧ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠢ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠣᠭᠢᠷᠠᠭᠤᠯᠬᠤ ᠬᠤᠷᠠᠯ ᠢ | ᠡᠷᠭᠢᠯᠡᠨ ᠬᠤᠷᠠᠯᠳᠤᠭᠤᠯᠵᠤ᠂ ᠬᠠᠷᠭᠤᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠰᠤᠳᠤᠯᠤᠨ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ | ᠤᠳᠤᠷᠢᠳᠤᠯᠭ᠎ᠠ ᠲᠠᠨ᠎ᠠ᠂ ᠱᠠᠨ ᠯᠢᠶᠠᠨ ᠾᠧᠩ᠂ ᠵᠢᠶᠠᠩ ᠭᠠᠢ᠂ ᠸᠠᠩ ᠵᠢᠶᠦ᠋ᠨ ᠭᠦᠸᠧ᠂ ᠬᠤᠳᠠ ᠶᠢᠨ ᠠᠷᠠᠳ ᠤᠨ | ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠶᠢᠨ ᠱᠤ᠋ ᠭᠦᠸᠧ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠱᠧᠨ ᠶᠠᠨ ᠮᠢᠨ ᠵᠢᠴᠢ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ | ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | ᠭᠤᠣ ᠵᠢᠶ ᠶᠧ ᠴᠢᠬᠤᠯᠠᠴᠢᠯᠠᠬᠤ ᠳᠠᠭᠠᠨ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠨᠢᠭᠡᠨᠲᠡ ︽ᠬᠠᠮᠤᠭ ᠤᠨ | ᠪᠡᠷᠬᠡ ᠠᠰᠠᠭᠤᠳᠠᠯ ᠢ ᠰᠢᠢᠳᠪᠦᠷᠢᠯᠡᠬᠦ︾ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭᠠᠨ ᠳᠤ ᠤᠷᠤᠭᠰᠠᠨ ᠪᠣᠯᠬᠤᠷ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠳᠥᠯᠭᠢᠨ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠷᠠᠭᠤᠯᠵᠤ᠂ ᠦᠵᠡᠯ ᠰᠠᠨᠠᠭ᠎ᠠ ᠪᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠪᠠᠨ | ᠪᠠᠭᠤᠷᠠᠭᠤᠯᠬᠤ ᠥᠬᠡᠶ᠂ ᠡᠷᠴᠢᠮ ᠢᠶᠠᠨ ᠰᠤᠯᠠᠷᠠᠭᠤᠯᠬᠤ ᠥᠬᠡᠶ ᠪᠠᠶᠢᠬᠤ ᠶᠢ ᠡᠷᠡᠰ ᠪᠡᠶᠡᠯᠡᠭᠦᠯᠵᠦ᠂ ᠬᠠᠷᠭᠤᠭᠤᠯᠤᠨ | ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠵᠠᠰᠠᠬᠤ ᠶᠢ ᠪᠣᠳᠠᠲᠠᠶᠢᠵᠢᠭᠤᠯᠬᠤ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠴᠡᠭᠴᠡᠯᠡᠨ ᠵᠠᠰᠠᠬᠤ ᠠᠵᠢᠯ ᠤᠨ ᠴᠢᠨᠠᠷ ᠰᠠᠶᠢᠲᠠᠶ ᠲᠡᠭᠦᠰᠬᠦ ᠶᠢ ᠦᠨᠡᠨᠬᠦ | ᠪᠠᠲᠤᠯᠠᠬᠤ ᠬᠡᠷᠡᠭᠲᠡᠶ᠃ ᠴᠡᠭᠴᠡᠯᠡᠨ ᠵᠠᠰᠠᠬᠤ ᠶᠢ ᠪᠡᠶᠡᠯᠡᠭᠦᠯᠦᠭᠡᠳᠦᠶ ᠠᠰᠠᠭᠤᠳᠠᠯ ᠢ ᠵᠦᠢᠯ ᠵᠤᠷᠪᠤᠰ ᠳᠠᠷᠠᠭᠠᠯᠠᠨ | ᠵᠠᠳᠠᠯᠤᠨ ᠡᠮᠬᠢᠯᠡᠵᠦ᠂ ᠬᠦᠴᠢᠷᠳᠡᠯ ᠪᠠ ᠬᠦᠴᠢᠷ ᠠᠰᠠᠭᠤᠳᠠᠯ ᠢ ᠡᠷᠢᠨ ᠭᠠᠷᠭᠠᠵᠤ᠂ ᠨᠠᠷᠢᠯᠢᠭ ᠣᠨᠣᠴᠠᠲᠠᠶ ᠪᠠᠷ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠨᠡᠪᠲᠡᠷᠡᠭᠦᠯᠦᠨ᠂ | ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠯᠬᠤᠮ ᠠᠯᠬᠤᠮ ᠢᠶᠠᠷ ᠳᠥᠯᠭᠢᠨ | ᠠᠬᠢᠭᠤᠯᠬᠤ ᠬᠡᠷᠡᠭᠲᠡᠶ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠣᠷᠢᠭᠲᠠᠢ ᠪᠠᠷ | ᠬᠠᠲᠠᠭᠤ ᠲᠠᠢ ᠬᠠᠯᠳᠠᠵᠤ᠂ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠳᠠᠭᠠᠨ ᠴᠢᠳᠠᠮᠠᠭᠠᠢ ᠪᠠᠶᠢᠵᠤ᠂ | ᠰᠠᠨᠠᠭᠠᠴᠢᠯᠠᠭ᠎ᠠ ᠠᠴᠠ ᠪᠠᠨ ᠭᠦᠨᠵᠡᠭᠡᠢ ᠰᠤᠳᠤᠯᠤᠨ ᠮᠠᠭᠠᠳᠯᠠᠵᠤ᠂ ᠠᠰᠠᠭᠤᠳᠠᠯ ᠢ ᠰᠢᠢᠳᠪᠦᠷᠢᠯᠡᠬᠦ ᠴᠠᠭ ᠤᠨ | ᠬᠦᠰᠦᠨᠦᠭᠲᠦ ᠪᠠ ᠱᠤᠭᠤᠮ ᠤᠨ ᠵᠢᠷᠤᠭ ᠢ ᠵᠢᠭᠰᠠᠭᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ | ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠲᠠᠶᠢᠨ ᠬᠢᠵᠦ᠂ ᠠᠵᠢᠯ ᠢᠶᠠᠨ ᠦᠨᠡᠨᠬᠦ ᠪᠣᠳᠠᠲᠠᠢ ᠪᠥᠭᠡᠳ ᠨᠠᠷᠢᠯᠢᠭ ᠬᠢᠵᠦ᠂ | ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ | ᠬᠡᠵᠠᠢ᠃ |