︽ᠢᠩᠭᠢᠵᠦ ᠲᠤᠭᠳᠠᠯ᠎ᠠ︕︾ | 2022 ᠣᠨ ᠳᠤ ᠬᠤᠤᠯᠢᠩᠭᠤᠤᠯ ᠬᠤᠲᠠ ᠶᠢᠨ ᠠᠵᠤ ᠠᠬᠤᠶ ᠶᠢᠨ ᠠᠵᠢᠯ ᠢ ᠢᠩᠭᠢᠵᠦ ᠬᠢᠨ᠎ᠡ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ | ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ | | ᠬᠤᠷᠠᠯ ᠠᠴᠠ 2022 ᠣᠨ ᠤ ᠬᠤᠤᠯᠢᠩᠭᠤᠤᠯ ᠬᠤᠲᠠ ᠶᠢᠨ ᠠᠵᠤ ᠠᠬᠤᠶ ᠶᠢᠨ ᠠᠵᠢᠯ ᠤᠨ | ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ | ᠬᠠᠮᠲᠤ ᠪᠠᠷ ᠦᠵᠡᠶ᠎ᠡ | | ᠦᠨᠥ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠶᠡᠷᠦᠩᠬᠡᠶ ᠱᠠᠭᠠᠷᠳᠠᠯᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠦᠩᠯᠢᠶᠣᠤ ᠬᠤᠲᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠮᠠᠨ ᠤ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠦ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ | ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠪᠠᠷ ᠬᠦᠴᠦᠯᠡᠵᠦ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ | ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠰᠢᠯᠢᠳᠡᠭ | ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ᠃ | | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ | | ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 75% ᠣᠷᠴᠢᠮ ᠢᠶᠠᠷ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 85% ᠣᠷᠴᠢᠮ ᠢᠶᠠᠷ | ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6% | ᠣᠷᠴᠢᠮ ᠢᠶᠠᠷ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 8% ᠣᠷᠴᠢᠮ ᠢᠶᠠᠷ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 5% | ᠣᠷᠴᠢᠮ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 25 | ᠳᠠᠬᠢᠨ ᠢᠶᠠᠷ ᠨᠡᠮᠡᠭᠳᠡᠪᠡ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ | ᠬᠤᠷᠣᠭᠳᠠᠭᠤᠯᠤᠯ ᠢ ᠦᠷᠭᠦᠯᠵᠢᠯᠡᠨ ᠪᠠᠭᠤᠷᠠᠭᠤᠯᠵᠤ᠂ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ | ᠬᠢᠵᠠᠭᠠᠷᠯᠠᠬᠤ ᠴᠢᠨᠠᠷᠲᠠᠶ ᠭᠦᠢᠴ᠊ᠡᠳᠬᠡᠬᠦ ᠲᠤᠭ᠎ᠠ ᠶᠢ ᠪᠡᠶᠡᠯᠡᠭᠦᠯᠦᠨ᠎ᠡ᠃ | | ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠢ ᠪᠦᠭᠦ ᠬᠦᠴᠦ ᠪᠠᠷ ᠢᠶᠠᠨ ᠲᠣᠭᠲᠠᠪᠤᠷᠢᠵᠢᠭᠤᠯᠤᠨ᠎ᠠ | | ᠠᠵᠤ ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠶᠠᠪᠤᠳᠠᠯ ᠢ ᠲᠤᠪᠤᠶᠢᠮ᠎ᠠ | ᠪᠠᠶᠢᠷᠢᠨ ᠳᠤ ᠲᠠᠯᠪᠢᠵᠤ᠂ ᠬᠦᠴᠦ ᠪᠠᠨ ᠬᠠᠮᠲᠤᠳᠬᠠᠨ᠂ ᠪᠡᠷᠬᠡ ᠪᠣᠭᠤᠮᠲᠠ ᠶᠢ ᠳᠠᠪᠠᠵᠤ᠂ ᠲᠣᠭᠲᠠᠭᠤᠨ ᠢᠶᠠᠷ | ᠤᠷᠤᠭᠰᠢᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ | ᠵᠦᠢ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠥᠭᠵᠢᠯᠲᠡ ᠶᠢᠨ ᠬᠤᠷᠢᠭ᠎ᠠ ᠱᠤᠭᠤᠮ ᠢ | ᠰᠠᠬᠢᠵᠤ᠂ ᠶᠡᠭᠡ ᠪᠠᠷ ᠳᠡᠭᠡᠭᠰᠢᠯᠡᠵᠦ ᠶᠡᠭᠡ ᠪᠠᠷ ᠪᠠᠭᠤᠷᠠᠬᠤ ᠶᠢ ᠰᠡᠷᠭᠡᠶᠢᠯᠡᠬᠦ ᠬᠡᠷᠡᠭᠲᠡᠶ᠃ | | ᠨᠢᠭᠡ ᠳᠤ᠂ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠡᠷᠬᠡ ᠴᠢᠯᠥᠭᠡ ᠶᠢ ᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠬᠡᠷᠡᠭᠲᠡᠢ᠃ | ᠬᠤᠶᠠᠷ ᠲᠤ᠂ ᠲᠣᠭᠲᠠᠭᠤᠨ ᠨᠡᠮᠡᠭᠳᠡᠯ ᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠬᠦ | ᠬᠡᠷᠡᠭᠲᠡᠶ᠃ | ᠭᠤᠷᠪᠠ ᠳᠤ᠂ ᠡᠯᠧᠮᠧᠨ᠋ᠲ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ | | | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠬᠦᠴᠦᠨ ᠢᠶᠠᠷ ᠢᠶᠠᠨ ᠬᠥᠭᠵᠢᠭᠡᠨ᠎ᠡ | | | ᠣᠳᠣᠬᠠᠨ ᠳᠤ᠂ ᠮᠠᠨ ᠤ ᠬᠤᠲᠠ ᠶᠢᠨ ᠬᠥᠭᠵᠢᠯᠲᠡ ᠶᠠᠭ ᠭᠦᠨᠵᠡᠭᠡᠶ ᠬᠡᠯᠪᠡᠷᠢ ᠪᠠᠨ ᠬᠤᠪᠢᠷᠠᠭᠤᠯᠬᠤ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ︽ᠲᠣᠭᠲᠠᠭᠤᠨ ᠪᠠᠶᠢᠯᠭᠠᠬᠤ︾ ᠰᠠᠭᠤᠷᠢ ᠶᠢ | ᠪᠠᠲᠤᠳᠬᠠᠬᠤ ᠳᠤ ᠴᠤ ᠲᠡᠷᠡ᠂ ︽ᠤᠷᠤᠭᠰᠢᠯᠠᠬᠤ︾ ᠪᠠᠶᠢᠳᠠᠯ ᠢ ᠴᠢᠩᠭᠠᠳᠬᠠᠬᠤ ᠳᠤ ᠴᠤ ᠲᠡᠷᠡ᠂ ᠴᠥᠮ | ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠪᠠᠲᠤᠳᠬᠠᠪᠠᠯ ᠰᠠᠶ᠋ᠢ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠤᠷᠤᠯᠳᠤᠭᠠᠨ ᠤ ᠵᠠᠮ ᠳᠡᠭᠡᠷ᠎ᠡ ᠤᠬᠤᠷᠢᠬᠤ ᠥᠬᠡᠶ | ᠂ ᠬᠤᠴᠣᠷᠬᠤ ᠥᠬᠡᠶ ᠪᠠᠶᠢᠬᠤ ᠶᠢ ᠪᠠᠲᠤᠯᠠᠵᠤ᠂ ᠬᠥᠭᠵᠢᠯᠲᠡ ᠶᠢ ᠬᠥᠲᠥᠯᠥᠨ ᠳᠠᠭᠠᠭᠤᠯᠬᠤ ᠣᠷᠦ᠋ᠢᠯᠠᠭᠴᠢ ᠪᠣᠯᠵᠣ | ᠴᠢᠳᠠᠨ᠎ᠠ᠃ | | ᠨᠢᠭᠡ ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠠᠴᠠ ᠬᠥᠳᠡᠯᠭᠡᠭᠴᠢ ᠡᠨᠧᠷᠭᠢ ᠤᠯᠬᠤ | ᠬᠡᠷᠡᠭᠲᠡᠶ᠃ | ᠬᠤᠶᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠴᠠ ᠬᠥᠳᠡᠯᠭᠡᠭᠴᠢ ᠡᠨᠧᠷᠭᠢ ᠤᠯᠬᠤ | ᠬᠡᠷᠡᠭᠲᠡᠶ᠃ | ᠭᠤᠷᠪᠠ ᠳᠤ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠴᠠ ᠬᠥᠳᠡᠯᠭᠡᠬᠦ ᠬᠦᠴᠦᠨ ᠤᠯᠬᠤ | ᠬᠡᠷᠡᠭᠲᠡᠢ᠃ | ᠲᠦᠷᠪᠡ ᠳᠤ᠂ ᠭᠠᠳᠠᠭᠠᠳᠤ ᠨᠡᠭᠡᠭᠡᠯᠳᠡ ᠠᠴᠠ ᠬᠥᠳᠡᠯᠭᠡᠭᠴᠢ ᠡᠨᠧᠷᠭᠢ ᠤᠯᠬᠤ ᠬᠡᠷᠡᠭᠲᠡᠶ᠃ | | ᠠᠵᠤ ᠦᠢᠯᠡᠰ ᠤᠨ ᠡᠵᠡᠩᠨᠡᠯᠲᠡ ᠶᠢᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠶᠠᠯᠢᠭᠵᠢᠭᠤᠯᠤᠨ | ᠰᠢᠯᠢᠳᠡᠭᠵᠢᠭᠦᠯᠦᠨ᠎ᠡ | | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠰᠢᠵᠢᠮ | ᠪᠣᠯᠭᠠᠵᠤ᠂ ᠰᠢᠨ᠎ᠡ ᠪᠠᠷ ᠮᠠᠨᠳᠤᠭᠰᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠬᠤ ᠶᠢ ᠴᠢᠩᠭᠠᠳᠬᠠᠵᠤ᠂ | ᠬᠡᠷᠡᠭᠯᠡᠭᠡᠨ ᠤ ᠦᠢᠯᠡᠴᠢᠯᠡᠭᠡ ᠶᠢᠨ ᠲᠡᠰ ᠳᠡᠪᠰᠢᠬᠦ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠤᠯᠠᠨ | ᠡᠰᠢᠵᠢᠯᠲᠡ᠂ ᠠᠵᠤ ᠦᠢᠯᠡᠰ ᠤᠨ ᠰᠠᠭᠤᠷᠢ ᠶᠢᠨ ᠳᠡᠭᠡᠳᠦ ᠲᠡᠰ ᠤᠨ ᠠᠵᠤ ᠦᠢᠯᠡᠰ ᠤᠨ ᠬᠡᠯᠬᠢᠶ᠎ᠡ ᠶᠢᠨ | ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠩ ᠤᠯᠠᠨ ᠰᠢᠨ᠎ᠡ ᠠᠵᠤ ᠠᠬᠤᠢ ᠶᠢᠨ | ᠨᠡᠮᠡᠭᠳᠡᠯ ᠤᠨ ᠴᠡᠭ ᠢ ᠠᠭᠤᠳᠠᠯᠤᠨ ᠡᠭᠦᠳᠬᠦ ᠬᠡᠷᠡᠭᠲᠡᠢ᠃ | | ᠨᠢᠭᠡ ᠳᠤ᠂ ᠰᠣᠶᠣᠯ ᠵᠤᠭᠠᠴᠠᠯ ᠤᠨ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ᠃ | ᠬᠤᠶᠠᠷ ᠲᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ | ᠬᠡᠷᠡᠭᠲᠡᠢ᠃ | ᠭᠤᠷᠪᠠ ᠳᠤ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ | ᠬᠡᠷᠡᠭᠲᠡᠶ᠃ | | | ᠬᠤᠤᠯᠢᠩᠭᠤᠤᠯ ᠬᠤᠳᠠ ᠶᠢᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ ᠣᠷᠴᠢᠭᠤᠯᠤᠨ ᠦᠢᠯᠡᠳᠪᠡ | | | | | | | | | |