ᠬᠤᠤᠯᠢᠩᠭᠤᠤᠯ ᠬᠤᠳᠠ ᠶᠢᠨ ᠡᠷᠢᠶᠡᠨ ᠶᠡᠭᠡ ᠬᠥᠭᠦᠷᠭᠡ 10 ᠰᠠᠷ᠎ᠠ ᠶᠢᠨ 28 ᠤ ᠡᠳᠦᠷ ᠤᠨ 8 ᠴᠠᠭ 58 ᠮᠢᠨᠦ᠋ᠲ ᠲᠤ ᠵᠢᠩᠬᠢᠨᠢ ᠪᠠᠷ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2022/10/28
    10 ᠰᠠᠷ᠎ᠠ ᠶᠢᠨ 28 ᠤ ᠦᠳᠡ ᠶᠢᠨ ᠡᠮᠦᠨᠡᠬᠢ 8 ᠴᠠᠭ 58 ᠮᠢᠨᠦ᠋ᠲ ᠲᠤ ᠡᠷᠢᠶᠡᠨ ᠶᠡᠭᠡ ᠬᠥᠭᠦᠷᠭᠡ ᠵᠢᠩᠬᠢᠨᠢ ᠪᠠᠷ ᠲᠡᠷᠭᠡ ᠨᠡᠪᠲᠡᠷᠡᠵᠡᠢ︕

    ᠣᠶᠢᠯᠠᠭᠠᠭᠰᠠᠨ ᠢᠶᠠᠷ᠂ ᠡᠷᠢᠶᠡᠨ ᠶᠡᠭᠡ ᠬᠥᠭᠦᠷᠭᠡ ᠬᠤᠥᠯᠢᠨ ᠭᠤᠣᠯ ᠢ ᠭᠠᠲᠤᠯᠵᠤ ᠪᠠᠶᠢᠨ᠎ᠠ᠃ ᠪᠦᠬᠦ ᠣᠷᠳᠣ

 ᠨᠢ 209m᠂ ᠥᠷᠭᠡᠨ ᠨᠢ 33.5m᠃ᠶᠡᠷᠦᠩᠬᠡᠢ ᠪᠡᠯᠡ ᠣᠷᠣᠭᠤᠯᠤᠯᠲᠠ ᠨᠢ 4929 ᠲᠦᠮᠡ ᠳᠤ ᠬᠦᠷᠴᠡᠢ᠃

2022 ᠣᠨ ᠤ 5 ᠰᠠᠷ᠎ᠠ ᠶᠢᠨ 27  ᠤ ᠡᠳᠦᠷ ᠬᠥᠭᠦᠷᠭᠡ ᠶᠢᠨ ᠳᠡᠭᠡᠳᠦ ᠬᠡᠰᠡᠭ ᠤᠨ ᠪᠦᠲᠦᠴᠡ ᠵᠢᠴᠢ ᠳᠠᠭᠠᠯᠲᠠ

ᠲᠥᠬᠦᠭᠡᠷᠦᠮᠵᠢ ᠠᠵᠢᠯ ᠢᠶᠠᠨ ᠰᠡᠷᠭᠦᠭᠡᠪᠡ᠃ 5 ᠰᠠᠷ᠎ᠠ ᠶᠢᠨ ᠪᠠᠷᠢᠯᠭ᠎ᠠ ᠶᠢᠨ ᠠᠵᠢᠯ ᠢ ᠥᠩᠭᠡᠷᠡᠭᠡᠭᠡᠳ᠂ 2022

ᠣᠨ ᠤ 10 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠪᠠ᠃ ᠡᠷᠢᠶᠡᠨ ᠶᠡᠭᠡ ᠬᠥᠭᠦᠷᠭᠡ ᠶᠢ ᠪᠠᠶᠢᠭᠤᠯᠵᠤ

ᠳᠠᠭᠤᠰᠤᠭᠰᠠᠨ ᠤ ᠳᠠᠷᠠᠭ᠎ᠠ ᠰᠢᠨ᠎ᠡ ᠬᠤᠲᠠ ᠶᠢᠨ ᠲᠣᠭᠤᠷᠢᠭ ᠤᠨ ᠪᠠᠷᠠᠭᠤᠨ ᠶᠡᠭᠡ ᠵᠡᠭᠡᠯᠢ ᠪᠣᠯᠣᠨ ᠬᠠᠭᠤᠴᠢᠨ

ᠬᠤᠲᠠ ᠶᠢᠨ ᠲᠣᠭᠤᠷᠢᠭ ᠤᠨ ᠪᠢᠨ ᠾᠧ ᠵᠠᠮ ᠢ ᠨᠠᠪᠲᠠᠷᠡᠭᠦᠯᠵᠦ᠂ ᠵᠦᠰᠬᠤᠸᠠ ᠶᠡᠭᠡ ᠬᠥᠭᠦᠷᠭᠡ ᠶᠢᠨ ᠵᠠᠮ

ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠢ ᠬᠥᠩᠭᠡᠷᠡᠭᠦᠯᠵᠦ᠂ ᠰᠢᠨ᠎ᠡ ᠬᠤᠲᠠ ᠶᠢᠨ ᠲᠣᠭᠤᠷᠢᠭ ᠤᠨ ᠵᠠᠮ ᠤᠨ

ᠲᠣᠣᠷ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠭᠤᠷᠪᠠᠳᠤᠭᠠᠷ

ᠲᠤᠮᠳᠠᠳᠦ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠵᠡᠷᠭᠡ ᠬᠤᠶᠢᠲᠤ ᠬᠡᠰᠡᠭ ᠤᠨ ᠬᠡᠰᠡᠭ ᠲᠣᠭᠤᠷᠢᠭ ᠤᠨ

ᠨᠢᠭᠡᠴᠡ ᠪᠣᠯᠣᠨ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠬᠡᠷᠡᠭᠴᠡᠭᠡ ᠶᠢ ᠬᠠᠩᠭᠠᠵᠤ᠂ ᠮᠠᠨ ᠤ ᠬᠤᠲᠠ ᠶᠢᠨ

ᠰᠢᠨ᠎ᠡ ᠲᠣᠭᠤᠷᠢᠭ ᠤᠨ ᠬᠤᠶᠢᠲᠤ ᠬᠡᠰᠡᠭ ᠤᠨ ᠬᠡᠰᠡᠭ ᠲᠣᠭᠤᠷᠢᠭ᠂ ᠳᠤᠮᠳᠠ ᠪᠠᠭ᠎ᠠ ᠠᠵᠤ ᠠᠬᠤᠶᠢᠯᠠᠯ ᠤᠨ

ᠬᠦᠷᠢᠶᠡᠯᠡᠩ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ  ᠠᠬᠢᠭᠤᠯᠬᠤ ᠳᠤ ᠴᠢᠬᠤᠯᠡ ᠦᠢᠯᠡᠳᠦᠯ

 ᠲᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号