ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ︵ᠥᠷᠭᠡᠳᠬᠡᠭᠰᠡᠨ︶ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/1
   10 ᠰᠠᠷ᠎ᠠ ᠶᠢᠨ 31 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠷᠦᠢ ᠰᠢᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠵᠢᠦ ᠶᠤᠸᠠᠨ᠂ ᠸᠠᠩ ᠰᠢᠶᠣᠣ ᠳ᠋ᠦᠩ᠂ ᠤᠯᠠᠭᠠᠬᠤᠳᠦ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠶᠢᠨ ᠪᠥᠬᠦ ᠠᠵᠢᠯᠲᠠᠳ ᠬᠤᠷᠠᠯ ᠳᠤ ᠣᠷᠣᠯᠴᠠᠵᠠᠢ᠃

    ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠢᠯᠡᠳᠬᠡᠯ ᠤᠨ ᠲᠤᠬᠠᠢ

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠰᠢᠢᠳᠪᠦᠷᠢ︾᠂︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ

ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ

ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ︾

ᠪᠣᠯᠣᠨ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︵ᠵᠠᠰᠠᠪᠤᠷᠢ ᠣᠷᠣᠭᠤᠯᠬᠤ ᠲᠥᠰᠥᠯ︶﹀﹀ ᠤᠨ ᠲᠤᠬᠠᠢ

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠡᠭᠦᠨ ᠤ ᠬᠠᠮᠲᠤ

ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ

ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠵᠤ᠂ ᠸᠠᠩ ᠷᠦᠢ ᠰᠢᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃

    ᠸᠠᠩ ᠷᠦᠢ ᠰᠢᠨ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ

ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠪᠦᠬᠦ

ᠺᠠᠳ᠋ᠷ ᠠᠵᠢᠯᠲᠠᠨ ᠠᠵᠢᠯᠴᠢᠨ ᠤᠤᠯ ᠬᠡᠪ ᠢᠶᠠᠷ ᠨᠢ ᠰᠤᠷᠤᠯᠴᠠᠵᠤ᠂ ᠢᠯᠡᠳᠬᠡᠯ ᠢ ᠰᠠᠶᠢᠲᠤᠷ ᠰᠤᠷᠤᠯᠴᠠᠵᠤ᠂

︽ᠰᠢᠢᠳᠪᠦᠷᠢ︾ ᠶᠢ ᠰᠠᠶᠢᠲᠤᠷ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠵᠣᠷᠢᠭ

ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂

︽ᠲᠠᠪᠤ ᠶᠢ ᠪᠠᠲᠤ ᠡᠵᠡᠮᠳᠡᠬᠦ︾ ᠶᠢ ᠡᠷᠡᠰ ᠪᠡᠶᠡᠯᠡᠭᠦᠯᠵᠦ᠂ ︽ᠭᠤᠷᠪᠠᠨ ᠡᠷᠬᠡᠪᠰᠢ︾ ᠶᠢᠨ ᠰᠢᠨ᠎ᠡ ᠱᠠᠭᠠᠷᠳᠠᠯᠭ᠎ᠠ ᠶᠢ

ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠰᠠᠶᠢᠲᠤᠷ

ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ᠰᠡᠳᠬᠢᠨ

ᠤᠬᠠᠭᠠᠷᠠᠭᠤᠯᠬᠤ ᠰᠤᠷᠤᠯᠴᠠᠯᠭ᠎ᠠ ᠳᠤ ᠲᠦᠰᠢᠭᠯᠡᠵᠦ᠂ ︽ᠭᠡᠰᠢᠭᠦᠳ ᠤᠨ ᠭᠡᠷ︾ ᠵᠡᠷᠭᠡ ᠭᠡᠰᠢᠭᠦᠳ ᠤᠨ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠳᠤ ᠲᠦᠰᠢᠭᠯᠡᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ

ᠵᠣᠬᠢᠶᠠᠨ ᠪᠠᠶᠢᠭᠤᠯᠬᠤ ᠪᠠ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠪᠠᠶᠢᠭᠠᠳ ᠡᠯᠪᠡᠭ ᠪᠠᠶᠠᠯᠢᠭ

ᠬᠡᠯᠪᠡᠷᠢ ᠶᠢᠨ ᠤᠯᠠᠨ ᠶᠠᠩᠵᠤ ᠶᠢᠨ ᠲᠤᠰᠬᠠᠢ ᠰᠡᠳᠦᠪᠲᠦ ᠰᠤᠷᠤᠯᠴᠠᠯᠭ᠎ᠠ ᠶᠢ ᠥᠷᠨᠢᠭᠦᠯᠵᠦ᠂ ᠭᠡᠰᠢᠭᠦᠳ ᠲᠤ ᠲᠡᠭᠦᠨ ᠤ

ᠬᠡᠯᠡᠭᠰᠡᠨ ᠦᠭᠡ ᠶᠢ ᠨᠢ ᠨᠡᠩ ᠢᠯᠡᠭᠦᠦ ᠣᠶᠢᠯᠠᠭᠠᠭᠤᠯᠵᠤ᠂ ᠲᠡᠭᠦᠨ ᠤ ᠤᠴᠢᠷ ᠰᠢᠯᠲᠠᠭᠠᠨ ᠢ ᠨᠢ ᠨᠡᠩ ᠢᠯᠡᠭᠦᠦ

ᠣᠶᠢᠯᠠᠭᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠬᠦ ᠪᠦᠬᠦ ᠶᠠᠪᠤᠴᠠ ᠳᠤ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯᠭᠠᠬᠤ ᠬᠡᠷᠡᠭᠲᠡᠢ᠃

ᠦᠢᠯᠡᠳᠦᠯᠭᠡ ᠶᠢᠨ ᠰᠤᠷᠤᠯᠴᠠᠯᠭ᠎ᠠ ᠲᠠᠢ ᠤᠶᠠᠯᠳᠤᠭᠤᠯᠤᠨ᠂ ᠪᠦᠬᠦ ᠬᠤᠳᠠ ᠶᠢᠨ ᠭᠤᠣᠯ ᠠᠵᠢᠯ᠂ ᠤᠯᠤᠰ ᠲᠦᠷᠦ ᠶᠢᠨ

ᠵᠥᠪᠯᠡᠯᠭᠡᠨ ᠤ ᠲᠤᠬᠠᠶᠢᠯᠠᠭᠰᠠᠨ ᠠᠵᠢᠯ ᠪᠠ ︽ᠪᠢᠴᠢᠭ ᠤᠨ ᠰᠤᠷᠪᠤᠯᠵᠢᠲᠤ ᠤᠯᠤᠰ ᠲᠦᠷᠦ ᠶᠢᠨ ᠵᠥᠪᠯᠡᠯᠭᠡᠨ︾ ᠳᠤ

ᠰᠠᠭᠤᠷᠢᠯᠠᠨ᠂ ᠬᠤᠪᠢᠶᠠᠨ ᠬᠠᠮᠢᠶᠠᠷᠴᠤ ᠪᠠᠶᠢᠭ᠎ᠠ ᠬᠦᠷᠢᠶ᠎ᠡ᠂ ᠲᠤᠰᠬᠠᠢ ᠲᠤᠰᠢᠶᠠᠯ ᠲᠤᠰᠬᠠᠢ ᠮᠡᠷᠭᠡᠵᠢᠯ ᠠᠴᠠ ᠪᠠᠨ

ᠭᠤᠣᠯᠳᠠᠯᠭ᠎ᠠ ᠶᠢ ᠢᠯᠭᠠᠵᠤ᠂ ᠦᠨᠳᠦᠰᠦ ᠪᠠᠷᠢᠮᠲᠠ᠂ ᠠᠷᠭ᠎ᠠ᠂ ᠠᠷᠭ᠎ᠠ ᠬᠡᠮᠵᠢᠶ᠎ᠡ ᠶᠢ ᠡᠷᠢᠵᠦ᠂ ᠠᠵᠢᠯ ᠤᠨ ᠴᠢᠭᠯᠡᠯ

ᠲᠣᠳᠣᠷᠬᠠᠢ᠂ ᠠᠵᠢᠯ ᠢᠶᠠᠨ ᠣᠨᠣᠪᠴᠢᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠨᠡᠶᠢᠭᠡᠮ ᠵᠢᠷᠤᠮ ᠤᠨ

ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ

ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ

ᠰᠢᠨ᠎ᠡ ᠬᠤᠪᠢ ᠨᠡᠮᠡᠷᠢ ᠶᠢ ᠦᠨᠡᠨ ᠬᠦ ᠦᠵᠡᠭᠦᠯᠬᠦ ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号