ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/1
    10 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠰᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃

   ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ

ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠤᠳᠠᠭᠠᠨ ᠤ

ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ

ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂  ᠮᠧᠩ ᠰᠢᠶᠠᠨ ᠳ᠋ᠦᠩ

ᠨᠥᠬᠦᠷ ᠤᠨ ᠲᠦᠩᠯᠢᠶᠣᠣ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ︔

ᠬᠠᠮᠢᠶ᠎ᠠ ᠪᠦᠬᠦᠢ ᠨᠥᠬᠦᠳ ᠲᠤᠰ ᠲᠤᠰ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ

ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃

    ᠰᠢᠨ ᠰᠢᠨ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠬᠤ ᠪᠣᠯ ᠣᠳᠣᠬᠠᠨ ᠤ ᠠᠵᠢᠯ ᠤᠨ

ᠲᠡᠷᠢᠭᠦᠨ ᠴᠢᠬᠤᠯᠠ ᠶᠠᠪᠤᠳᠠᠯ ᠮᠥᠨ᠂ ᠪᠦᠬᠦ ᠬᠤᠳᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ

ᠰᠢᠰᠲ᠋ᠧᠮ ᠤᠨ ᠬᠢᠨ ᠰᠠᠶᠢᠲᠤᠷ ︽ᠳᠠᠭᠠᠭᠤᠯᠤᠭᠴᠢ︾ ᠪᠣᠯᠵᠤ᠂ ᠤᠭ ᠵᠣᠬᠢᠶᠠᠯ ᠤᠨ ᠦᠵᠡᠯ ᠰᠠᠨᠠᠭ᠎ᠠ ᠶᠢ ᠨᠡᠪᠲᠡᠷᠡᠲᠡᠯ᠎ᠡ

ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭᠠᠨ ᠤ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ᠂ ᠲᠡᠦᠬᠡᠲᠦ ᠠᠴᠢ ᠬᠤᠯᠪᠣᠭᠳᠠᠯ᠂ ᠤᠨᠤᠯ ᠤᠨ

ᠠᠴᠢ ᠬᠤᠯᠪᠣᠭᠳᠠᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠭᠦᠨᠵᠡᠭᠡᠢ ᠰᠤᠷᠤᠯᠴᠠᠨ

ᠨᠡᠪᠲᠡᠷᠡᠲᠡᠯ᠎ᠡ ᠣᠶᠢᠯᠠᠭᠠᠵᠤ᠂ ᠲᠠᠷᠢᠬᠢᠨ ᠳᠤᠨᠢ ᠬᠠᠳᠠᠩᠰᠢᠭᠤᠯᠤᠨ ᠰᠡᠳᠬᠢᠯ ᠳᠤᠨᠢ ᠬᠠᠳᠠᠩᠰᠢᠭᠤᠯᠵᠤ᠂ ᠠᠵᠢᠯᠯᠠᠭ᠎ᠠ

ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃︽ᠰᠠᠯᠬᠢᠨ ᠤ ᠵᠦᠭᠯᠡᠭᠦᠷ︾︾ ᠢ

ᠰᠠᠶᠢᠲᠤᠷ ᠠᠳᠬᠤᠵᠤ᠂ ᠵᠢᠭᠰᠠᠭᠠᠯ ᠤᠨ ᠭᠠᠵᠠᠷ ᠤᠨ ᠳᠠᠪᠠᠭᠤᠯᠢᠭ ᠢ ᠨᠡᠶᠢᠳᠬᠡᠵᠦ᠂ ᠤᠬᠠᠭᠤᠯᠤᠨ ᠬᠥᠲᠥᠯᠥᠨ

ᠵᠢᠯᠤᠭᠤᠳᠴᠤ᠂ ᠪᠦᠬᠦ ᠬᠤᠳᠠ ᠶᠢᠨ ᠬᠡᠪᠴᠢᠶᠡᠨ ᠳᠤ︽ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠬᠤ︾ᠰᠠᠶᠢᠨ

ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠬᠤᠳᠠ ᠪᠠᠷ ᠢᠶᠠᠨ ᠪᠦᠯᠬᠦᠮᠳᠡᠨ ᠲᠡᠮᠡᠴᠡᠬᠦ᠂ ᠬᠦᠴᠦᠷᠬᠡᠭᠵᠢᠬᠦ ᠪᠠᠷ

ᠬᠦᠴᠦᠯᠡᠨ ᠴᠢᠷᠮᠠᠶᠢᠬᠤ ᠰᠢᠨ᠎ᠡ ᠳᠦᠷᠰᠦ ᠪᠠᠶᠢᠳᠠᠯ᠂ ᠰᠢᠨ᠎ᠡ ᠳᠦᠷᠰᠦ ᠪᠠᠶᠢᠳᠠᠯ ᠢ ᠠᠮᠢᠳᠤᠯᠢᠭ ᠢᠶᠠᠷ ᠢᠯᠡᠷᠡᠭᠦᠯᠬᠦ

ᠬᠡᠷᠡᠭᠲᠡᠢ᠃︽ᠬᠠᠷᠢᠭᠤᠴᠠᠯᠭ᠎ᠠ ᠶᠢᠨ ᠲᠠᠷᠢᠶ᠎ᠠ︾ ᠶᠢ ᠰᠠᠶᠢᠲᠤᠷ ᠰᠠᠬᠢᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ

ᠬᠠᠷᠠᠭᠠᠯᠵᠠᠬᠤ ᠶᠢ ᠪᠣᠳᠠᠲᠠᠢ ᠠᠳᠬᠤᠵᠤ᠂ ᠨᠠᠷᠢᠨ ᠬᠢᠨᠠᠮᠠᠭᠠᠢ ᠠᠵᠢᠯ ᠬᠢᠵᠦ ᠦᠢᠯᠡᠰ ᠪᠣᠰᠬᠠᠵᠤ᠂ ᠪᠦᠬᠦ ᠬᠤᠳᠠ ᠶᠢᠨ

ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠨᠠᠷᠢᠨ ᠨᠠᠶᠢᠳᠠᠪᠤᠷᠢᠵᠢᠭᠤᠯᠬᠤ ᠲᠠᠯ᠎ᠠ ᠪᠠᠷ ᠰᠢᠨ᠎ᠡ ᠶᠢ ᠡᠭᠦᠳᠬᠦ᠂ ᠬᠢᠯᠠᠰ ᠴᠡᠭ ᠲᠠᠢ ᠪᠠᠶᠢᠬᠤ ᠶᠢ ᠪᠠᠲᠤᠯᠠᠵᠤ᠂ ᠨᠠᠮ ᠤᠨ

ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢ ᠭᠤᠶᠢᠪᠢᠰᠢ ᠦᠭᠡᠢ ᠪᠣᠳᠠᠲᠠᠢ ᠳᠤ

ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ

ᠰᠢᠨ᠎ᠡ ᠦᠷ᠎ᠡ ᠪᠦᠲᠦᠮᠵᠢ ᠣᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号