ᠨᠤᠲᠤᠭ ᠲᠠᠭᠠᠨ ᠬᠠᠷᠢᠭᠰᠠᠳ ᠢ ᠰᠠᠨᠠᠭᠠᠴᠢᠯᠠᠭ᠎ᠠ ᠠᠴᠠ ᠪᠠᠨ ᠳᠠᠩᠰᠠᠯᠠᠵᠤ ᠮᠡᠳᠡᠭᠦᠯᠦᠨ ᠳᠠᠩᠰᠠᠯᠠᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/11/1
   ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠪᠤᠳᠤᠯᠢᠶᠠᠨᠲᠠᠢ ᠪᠠᠶᠢᠵᠤ᠂ ᠮᠠᠨ ᠤ ᠬᠤᠲᠠ ᠶᠢᠨ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ ︾ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠪᠠᠲᠤᠯᠠᠨ᠂ ᠲᠦᠩᠯᠢᠶᠣᠣ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠯᠲᠠ ᠪᠠᠷ ᠳᠡᠮᠵᠢᠨ᠂ ᠪᠣᠶ ᠪᠦᠬᠦᠢ ᠤᠷᠢᠳᠴᠢᠯᠠᠨ ᠢᠷᠡᠭᠰᠡᠨ ︵ᠪᠤᠴᠠᠭᠰᠠᠨ︶᠂ ᠨᠢᠭᠡᠨᠲᠡ ᠢᠷᠡᠭᠰᠡᠨ ︵ᠪᠤᠴᠠᠭᠰᠠᠨ︶ ᠬᠤᠤᠯᠢᠩᠭᠤᠤᠯ ᠬᠤᠲᠠ ᠶᠢᠨ ᠠᠵᠢᠯᠲᠠᠨ ᠳᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠳᠠᠩᠰᠠᠯᠠᠬᠤ᠂ ᠣᠷᠣᠭᠤᠯᠬᠤ ᠠᠵᠢᠯ ᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠳᠣᠣᠷᠠᠬᠢ ᠮᠡᠲᠦ ᠵᠠᠷᠯᠠᠶ᠎ᠠ᠄ᠨᠢᠭᠡ᠂ ᠤᠷᠢᠳᠴᠢᠯᠠᠨ ᠢᠷᠡᠬᠦ ︵ᠪᠤᠴᠠᠬᠤ︶᠂ ᠨᠢᠭᠡᠨᠲᠡ ᠢᠷᠡᠭᠰᠡᠨ ︵ᠪᠤᠴᠠᠬᠤ︶ ᠬᠤᠤᠯᠢᠩᠭᠤᠤᠯ ᠬᠤᠲᠠ ᠶᠢᠨ ᠪᠣᠶ ᠪᠦᠬᠦᠢ ᠬᠥᠮᠥᠰ ᠸᠢᠴᠠᠲ ᠢᠶᠠᠷ ᠬᠤᠶᠠᠷ ᠬᠡᠮᠵᠢᠯᠲᠦ ᠺᠣᠳ᠋ ᠢ ᠰᠢᠷᠪᠢᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠪᠡᠷ ᠤᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠬᠠᠷᠢᠯᠴᠠᠬᠤ ᠠᠷᠭ᠎ᠠ ᠮᠠᠶ᠋ᠢᠭ᠂ ᠵᠠᠮ ᠬᠠᠷᠢᠯᠴᠠᠭᠠᠨ ᠤ ᠠᠷᠭ᠎ᠠ ᠮᠠᠶ᠋ᠢᠭ᠂ ᠢᠷᠡᠬᠦ ︵ᠪᠤᠴᠠᠬᠤ︶ ᠡᠳᠦᠷ ᠬᠤᠭᠤᠴᠠᠭ᠎ᠠ᠂ ᠢᠷᠡᠬᠦ ︵ᠪᠤᠴᠠᠬᠤ︶ ᠨᠠᠷᠢᠨ ᠬᠠᠶ᠋ᠢᠭ᠂ ᠪᠤᠴᠠᠬᠤ ᠤᠴᠢᠷ ᠰᠢᠯᠲᠠᠭᠠᠨ ᠵᠡᠷᠭᠡ ᠠᠭᠤᠯᠭ᠎ᠠ ᠪᠠᠨ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠢ᠃ ᠣᠨᠴᠣᠭᠤᠢ ᠪᠠᠶᠢᠳᠠᠯ   ᠠᠴᠠ ᠪᠣᠯᠵᠤ᠂ ᠺᠣᠳ᠋ ᠰᠢᠷᠪᠢᠵᠦ ᠳᠡᠩᠰᠡᠯᠡᠨ ᠲᠡᠮᠳᠡᠭᠯᠡᠬᠦ ᠶᠢᠨ ᠠᠷᠭ᠎ᠠ ᠦᠭᠡᠢ ᠬᠥᠮᠥᠰ ᠢ ᠪᠣᠯ ᠳ᠋ᠢᠶᠠᠩᠬᠤᠸᠠ ᠶᠢᠨ ᠠᠷᠭ᠎ᠠ ᠮᠠᠶ᠋ᠢᠭ ᠢᠶᠠᠷ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠮᠡᠳᠡᠭᠦᠯᠦᠨ ᠳᠠᠩᠰᠠᠯᠠᠭᠤᠯᠵᠤ ᠪᠣᠯᠣᠨ᠎ᠠ᠃ᠬᠤᠶᠠᠷ᠂ ᠲᠣᠰ ᠰᠢᠰᠲ᠋ᠧᠮ ᠢ ᠤᠷᠢᠳᠴᠢᠯᠠᠨ ᠢᠷᠡᠬᠦ ︵ᠪᠤᠴᠠᠬᠤ︶᠂ ᠨᠢᠭᠡᠨᠲᠡ ᠢᠷᠡᠭᠰᠡᠨ ︵ᠪᠤᠴᠠᠬᠤ︶ ᠬᠤᠤᠯᠢᠩᠭᠤᠤᠯ ᠬᠤᠲᠠ ᠶᠢᠨ ᠬᠥᠮᠥᠰ ᠭᠡᠵᠦ ᠬᠤᠶᠠᠷ ᠲᠥᠷᠥᠯ ᠳᠤ ᠬᠤᠪᠢᠶᠠᠨ᠎ᠠ᠂ ᠲᠥᠯᠥᠪᠯᠡᠭᠡ ᠪᠠᠷ ᠢᠷᠡᠬᠦ ︵ᠪᠤᠴᠠᠬᠤ︶ ᠬᠤᠤᠯᠢᠩᠭᠤᠤᠯ ᠬᠤᠲᠠ ᠶᠢᠨ ᠬᠠᠷᠢᠶ᠎ᠠ ᠲᠣᠭᠤᠷᠢᠭ ᠤᠨ ᠬᠥᠮᠥᠰ ᠲᠤ ᠤᠷᠢᠳᠴᠢᠯᠠᠨ ᠢᠷᠡᠬᠦ ︵ᠪᠤᠴᠠᠬᠤ︶ ᠬᠥᠮᠥᠰ ᠤᠨ ᠰᠣᠩᠭᠤᠯᠲᠠ ᠶᠢᠨ ᠵᠦᠢᠯ ᠢ ᠲᠠᠭᠯᠠᠵᠤ ᠮᠡᠳᠡᠭᠦᠯᠦᠨ᠎ᠡ︔ ᠬᠤᠤᠯᠢᠩᠭᠤᠤᠯ ᠬᠤᠲᠠ ᠶᠢᠨ ᠬᠠᠷᠢᠶ᠎ᠠ ᠲᠣᠭᠤᠷᠢᠭ ᠲᠤ ᠪᠠᠶᠢᠭ᠎ᠠ ᠬᠥᠮᠥᠰ ᠨᠢᠭᠡᠨᠲᠡ ᠢᠷᠡᠭᠰᠡᠨ ︵ᠪᠤᠴᠠᠵᠤ ᠢᠷᠡᠭᠰᠡᠨ︶ ᠬᠥᠮᠥᠰ ᠤᠨ ᠰᠣᠩᠭᠤᠯᠲᠠ ᠶᠢᠨ ᠵᠦᠢᠯ ᠢ ᠲᠠᠭᠯᠠᠨ ᠮᠡᠳᠡᠭᠦᠯᠬᠦ ᠶᠢ ᠲᠠᠭᠯᠠᠨ᠎ᠠ᠃ᠭᠤᠷᠪᠠ᠂ ᠬᠤᠤᠯᠢᠩᠭᠤᠤᠯ ᠬᠤᠲᠠ ᠶᠢᠨ ᠤᠷᠢᠳᠴᠢᠯᠠᠨ ᠢᠷᠡᠭᠰᠡᠨ ︵ᠪᠤᠴᠠᠵᠤ ᠢᠷᠡᠭᠰᠡᠨ︶᠂ ᠨᠢᠭᠡᠨᠲᠡ ᠢᠷᠡᠭᠰᠡᠨ ︵ᠪᠤᠴᠠᠵᠤ ᠢᠷᠡᠭᠰᠡᠨ︶ ᠪᠣᠶ ᠪᠦᠬᠦᠢ ᠬᠥᠮᠥᠰ ᠡᠯ᠎ᠡ ᠲᠥᠷᠥᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠢᠨᠠᠮᠠᠭᠠᠢ ᠂ ᠣᠨᠣᠪᠴᠢᠲᠠᠶ ᠲᠠᠭᠯᠠᠨ ᠪᠢᠴᠢᠵᠦ᠂ ᠠᠶᠠᠯᠠᠯ ᠤᠨ ᠮᠡᠳᠡᠭᠡ ᠵᠠᠩᠭᠢ ᠪᠠᠨ ᠵᠣᠷᠢᠭᠤᠳᠠ ᠨᠢᠭᠤᠨ ᠳᠠᠯᠳᠠᠯᠠᠭᠰᠠᠨ᠂ ᠬᠠᠷᠭᠤᠭᠤᠯᠤᠨ ᠪᠠᠶᠢᠴᠠᠭᠠᠵᠤ ᠬᠠᠮᠢᠶᠠᠷᠤᠨ ᠡᠵᠡᠮᠳᠡᠬᠦ ᠳᠤ ᠬᠠᠮᠵᠢᠯᠴᠠᠬᠤ ᠶᠢ ᠲᠡᠪᠴᠢᠭᠰᠡᠨ᠂ ᠬᠤᠳᠠᠯ ᠬᠠᠭᠤᠷᠮᠠᠭ᠂ ᠪᠤᠷᠤᠭᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠵᠣᠷᠢᠭᠤᠳᠠ ᠲᠠᠭᠯᠠᠨ ᠪᠢᠴᠢᠭᠰᠡᠨ ᠬᠥᠮᠥᠰ ᠠᠴᠠ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃

    ᠬᠤᠤᠯᠢᠩᠭᠤᠤᠯ ᠬᠤᠲᠠ ᠶᠢᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ  ᠤᠨ ᠰᠡᠷᠭᠡᠶᠢᠯᠡᠨ ᠡᠵᠡᠮᠳᠡᠬᠦ

ᠠᠵᠢᠯ ᠤᠨ ᠵᠢᠯᠤᠭᠤᠳᠬᠤ ᠭᠠᠵᠠᠷ

                            2022 ᠣᠨ ᠤ 10 ᠰᠠᠷ᠎ᠠ ᠶᠢᠨ 12 ᠤ ᠡᠳᠦᠷ

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号