ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠰᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠪᠠ
ᠨᠡᠶᠢᠲᠡᠯᠡᠭᠰᠡᠨ ᠴᠠᠭ᠄
2022/11/10
   11 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠰᠢᠨ ᠶᠠᠮᠤᠨ ᠤ ᠪᠠᠶᠢᠭᠤᠯᠭ᠎ᠠ ᠳᠠᠭᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠵᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ ᠺᠠᠳ᠋ᠷ ᠠᠵᠢᠯᠲᠠᠨ ᠠᠵᠢᠯᠴᠢᠨ ᠣᠷᠣᠯᠴᠠᠵᠠᠢ᠃

    ᠰᠢᠨ ᠰᠢᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ   ᠶᠢ ᠰᠤᠷᠤᠯᠴᠠᠨ ᠤᠬᠠᠭᠤᠯᠵᠤ

ᠲᠤᠤᠱᠯᠠᠭᠤᠯᠵᠤ᠂ ᠪᠦᠯᠬᠦᠮᠳᠡᠵᠦ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠤᠨ ᠰᠦᠷ ᠳᠠᠯᠠᠶᠢᠴᠠᠲᠠᠢ ᠬᠦᠴᠦᠨ

ᠴᠢᠳᠠᠯ ᠢ ᠨᠢᠭᠲᠠᠷᠠᠭᠤᠯᠤᠶ᠎ᠠ︾ ᠭᠡᠳᠡᠭ ᠢᠶᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ

ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠲᠠᠢ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ

ᠬᠤᠷᠠᠯ ᠤᠨ ᠢᠯᠡᠳᠬᠡᠯ ᠤᠨ ᠦᠨᠳᠦᠰᠦᠨ ᠰᠤᠳᠠᠰᠤ ᠶᠢ ᠣᠨᠣᠪᠴᠢᠲᠠᠢ ᠡᠵᠡᠮᠳᠡᠵᠦ᠂ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ

ᠡᠵᠡᠮᠳᠡᠵᠦ᠂ ᠰᠤᠷᠤᠯᠴᠠᠬᠤ ᠦᠢᠯᠡᠳᠦᠯᠭᠡᠵᠢᠭᠦᠯᠬᠦ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠤᠬᠠᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠲᠦᠷᠪᠡᠨ ᠲᠠᠯ᠎ᠠ ᠲᠠᠢ ᠤᠶᠠᠯᠳᠤᠭᠤᠯᠵᠤ᠂ ᠰᠤᠷᠲᠠᠯ ᠤᠬᠠᠭᠤᠯᠭ᠎ᠠ

ᠦᠵᠡᠯ ᠰᠠᠨᠠᠭᠠᠨ ᠤ ᠹᠷᠣᠨᠲ ᠤᠨ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠨᠠᠮ ᠤᠨ ᠬᠤᠷᠢᠳᠤᠭᠠᠷ ᠶᠡᠭᠡ

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠰᠢᠰᠲ᠋ᠧᠮ ᠲᠠᠢ ᠲᠠᠶᠢᠯᠪᠤᠷᠢᠯᠠᠨ

ᠲᠠᠶᠢᠯᠪᠤᠷᠢᠯᠠᠪᠠ᠃

   ᠰᠢᠨ ᠰᠢᠨ ᠵᠢᠭᠠᠵᠤ ᠭᠠᠷᠭᠠᠭᠰᠠᠨ ᠨᠢ᠂ ᠤᠬᠠᠭᠤᠯᠬᠤ ᠰᠠᠯᠠᠭ᠎ᠠ ᠮᠥᠴᠢᠷ ᠨᠢ ᠨᠠᠮ ᠤᠨ ︽ᠳᠠᠭᠤ ᠬᠤᠭᠤᠯᠠᠢ︾

ᠪᠣᠯᠤᠭᠰᠠᠨ ᠤ ᠬᠤᠪᠢ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠷᠢᠳᠠᠪᠠᠷ ᠰᠤᠷᠤᠯᠴᠠᠵᠤ᠂

ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ

ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠳᠡᠭᠡᠳᠦ ᠬᠡᠮᠵᠢᠶᠡᠨ ᠤ ᠤᠯᠤᠰ

ᠲᠦᠷᠦ ᠶᠢᠨ ᠤᠬᠠᠮᠰᠠᠷ ᠢᠶᠠᠷ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ

ᠠᠳᠬᠤᠵᠤ᠂ ᠰᠠᠨᠠᠭᠠᠴᠢᠯᠠᠭ᠎ᠠ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ

ᠰᠤᠷᠤᠯᠴᠠᠭᠴᠢ᠂ ᠤᠯᠠᠮᠵᠢᠯᠠᠭᠴᠢ᠂ ᠦᠢᠯᠡᠳᠦᠯᠭᠡᠵᠢᠭᠦᠯᠦᠭᠴᠢ ᠪᠣᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠶᠢ ᠬᠤᠣᠯᠢᠨ ᠭᠤᠣᠯ ᠳᠤ ᠦᠨᠳᠦᠰᠦᠯᠡᠭᠦᠯᠵᠦ᠂ ᠴᠡᠴᠡᠭᠯᠡᠭᠦᠯᠦᠨ ᠵᠢᠮᠢᠰᠯᠡᠭᠦᠯᠬᠦ ᠶᠢ ᠠᠬᠢᠭᠤᠯᠬᠤ ᠬᠡᠷᠡᠭᠲᠡᠢ

ᠭᠡᠪᠡ᠃

    ᠰᠢᠨ ᠰᠢᠨ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ

ᠲᠤᠤᠱᠯᠠᠭᠤᠯᠬᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ᠬᠤᠷᠠᠯ ᠳᠡᠭᠡᠷ᠎ᠡ᠂

ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ

ᠰᠠᠨᠠᠭ᠎ᠠ ᠪᠠᠷ ᠭᠤᠣᠯᠯᠠᠭᠤᠯᠤᠨ ᠰᠤᠷᠤᠯᠴᠠᠵᠤ ᠰᠤᠳᠤᠯᠤᠨ ᠶᠠᠷᠢᠯᠴᠠᠬᠤ ᠶᠢ ᠥᠷᠨᠢᠭᠦᠯᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号