11 ᠰᠠᠷ᠎ᠠ ᠶᠢᠨ 9 ᠤ ᠦᠳᠡ ᠶᠢᠨ ᠡᠮᠦᠨ᠎ᠡ᠂ ᠤᠯᠤᠰ ᠲᠦᠷᠦ ᠶᠢᠨ ᠵᠥᠪᠯᠡᠯᠭᠡᠨ ᠤ ᠬᠤᠤᠯᠢᠩᠭᠤᠤᠯ | ᠬᠤᠳᠠ ᠶᠢᠨ ᠰᠢᠷ᠎ᠠ ᠬᠦᠤᠷ ᠵᠡᠭᠡᠯᠢ ᠭᠤᠳᠤᠮᠵᠢ ᠶᠢᠨ ᠭᠡᠰᠢᠭᠦᠳ ᠤᠨ ᠭᠡᠷ ᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠵᠢᠴᠢ ᠬᠤᠶᠠᠳᠤᠭᠠᠷ ᠤᠳᠠᠭ᠎ᠠ ᠶᠢᠨ | ᠬᠠᠮᠲᠤ ᠶᠢᠨ ᠬᠤᠷᠠᠯ ᠨᠠᠨᠶᠤᠸᠠᠨ ᠨᠡᠶᠢᠭᠡᠮ ᠲᠣᠭᠤᠷᠢᠭ ᠤᠨ ᠭᠡᠰᠢᠭᠦᠳ ᠤᠨ ᠭᠡᠷ ᠲᠤ ᠬᠤᠷᠠᠯᠳᠤᠵᠤ᠂ ᠬᠤᠳᠠ ᠶᠢᠨ | ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠷᠦᠢ | ᠰᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠤᠰ ᠲᠦᠷᠦ ᠶᠢᠨ ᠵᠥᠪᠯᠡᠯᠭᠡᠨ ᠤ ᠨᠢᠭᠡᠳᠦᠭᠡᠷ ᠭᠡᠰᠢᠭᠦᠨ ᠤ | ᠠᠵᠢᠯᠯᠠᠭ᠎ᠠ ᠶᠢᠨ ᠳᠤᠭᠤᠶᠢᠯᠠᠩ ᠤᠨ ᠳᠠᠷᠤᠭ᠎ᠠ ᠼᠠᠢ ᠹᠦ᠋ ᠬᠤᠷᠠᠯ ᠢ ᠡᠷᠬᠢᠯᠡᠵᠦ᠂ ᠬᠡᠰᠡᠭ ᠭᠡᠰᠢᠭᠦᠳ ᠬᠤᠷᠠᠯ ᠳᠤ | ᠣᠷᠣᠯᠴᠠᠪᠠ᠃ | | | | | | | ᠬᠤᠷᠠᠯ ᠳᠡᠭᠡᠷ᠎ᠡ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠢᠯᠡᠳᠬᠡᠯ ᠤᠨ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ | ᠶᠡᠭᠡ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠠᠵᠢᠯ ᠤᠨ ᠢᠯᠡᠳᠬᠡᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ︾ ︽︿ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠦᠷᠢᠮ ︵ᠵᠠᠰᠠᠪᠤᠷᠢ ᠣᠷᠣᠭᠤᠯᠬᠤ ᠲᠥᠰᠥᠯ︶﹀ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ︾ ᠶᠢ | ᠤᠯᠠᠮᠵᠢᠯᠠᠨ ᠰᠤᠷᠤᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠵᠣᠷᠢᠭ ᠰᠠᠨᠠᠭ᠎ᠠ᠂ ᠨᠢᠭᠡᠳᠦᠭᠡᠷ ᠭᠡᠰᠢᠭᠦᠳ ᠤᠨ | ᠠᠵᠢᠯᠯᠠᠭ᠎ᠠ ᠶᠢᠨ ᠳᠤᠭᠤᠶᠢᠯᠠᠩ ᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ | ᠵᠠᠩᠭᠢ ᠶᠢᠨ ᠠᠵᠢᠯ ᠢ ᠪᠠᠶᠢᠷᠢᠯᠠᠭᠤᠯᠪᠠ᠃ᠭᠡᠰᠢᠭᠦᠳ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠤᠷᠢᠨ ᠳᠤ᠂ | ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠨᠡᠭᠦᠷᠡᠰᠦᠲᠥ᠋ᠷᠥᠭᠴᠢ ᠪᠠᠭ᠎ᠠ ᠪᠣᠬᠢᠷᠳᠤᠯ ᠦᠭᠡᠢ ᠬᠥᠭᠵᠢᠯᠲᠡ᠂ ᠰᠣᠶᠣᠯ | ᠤᠳᠬ᠎ᠠ ᠤᠷᠠᠯᠢᠭ ᠤᠨ ᠠᠵᠢᠯ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠲᠣᠰᠪᠣᠷᠢ | ᠭᠦᠨᠵᠡᠭᠡᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠠᠢ᠃ | ᠲᠠᠷᠠᠭ᠎ᠠ ᠨᠢ᠂ ᠨᠢᠭᠡᠳᠦᠭᠡᠷ ᠭᠡᠰᠢᠭᠦᠳ ᠤᠨ ᠠᠵᠢᠯᠯᠠᠭ᠎ᠠ ᠶᠢᠨ ᠳᠤᠭᠤᠶᠢᠯᠠᠩ ᠤᠨ ᠬᠢᠨ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠠᠰᠠᠷ ᠲᠤ ᠪᠣᠷᠣᠭᠠᠨ ᠭᠤᠭᠤᠵᠢᠭᠰᠠᠨ᠂ ᠣᠷᠣᠨ ᠪᠦᠰᠡ ᠶᠢᠨ ᠠᠵᠤ ᠠᠬᠤᠶᠢᠯᠠᠯ ᠤᠨ | ᠲᠡᠷᠭᠡ ᠵᠣᠭᠰᠣᠬᠤ ᠪᠠ ᠲᠡᠷᠭᠡ ᠰᠣᠯᠢᠬᠤ ᠠᠰᠠᠭᠤᠳᠠᠯ ᠵᠡᠷᠭᠡ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠭᠤᠷᠢ | ᠵᠦᠳᠡᠭᠦᠷᠢ ᠶᠢᠨ ᠲᠤᠬᠠᠢ ᠶᠠᠷᠢᠯᠴᠠᠨ ᠵᠣᠯᠭᠠᠭᠤᠯᠵᠤ᠂ ᠭᠡᠰᠢᠭᠦᠳ ᠬᠤᠶᠢᠨ᠎ᠠ ᠬᠤᠶᠢᠨ᠎ᠠ ᠠᠴᠠ ᠪᠠᠨ ᠪᠠᠶᠢᠳᠠᠯ ᠢ ᠶᠠᠷᠢᠵᠤ᠂ | ᠠᠷᠭ᠎ᠠ ᠶᠢ ᠶᠠᠷᠢᠵᠤ᠂ ᠪᠣᠳᠠᠲᠠᠢ ᠠᠷᠭ᠎ᠠ ᠤᠬᠠᠭᠠᠨ ᠭᠠᠷᠭᠠᠵᠤ᠂ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠬᠠᠮᠲᠤ ᠶᠢᠨ | ᠲᠠᠨᠢᠯᠲᠠ ᠲᠠᠢ ᠪᠣᠯᠵᠤ᠂ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠵᠠᠢ᠃ | ᠸᠠᠩ ᠷᠦᠢ ᠰᠢᠨ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠪᠤᠳᠠᠯ ᠢ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠲᠤᠰ ᠰᠠᠯᠠᠭ᠎ᠠ ᠮᠥᠴᠢᠷ ᠲᠡᠭᠡᠨ ᠳᠠᠭᠠᠭᠤᠯᠤᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ᠂ ᠤᠬᠠᠭᠤᠯᠬᠤ᠂ | ᠲᠤᠭᠤᠰᠢᠯᠠᠭᠤᠯᠬᠤ ᠶᠠᠪᠤᠴᠠ ᠳᠤ ᠠᠷᠠᠳ ᠤᠯᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠷᠳᠤ | ᠬᠤᠭᠤᠴᠠᠭ᠎ᠠ ᠪᠠᠷ ᠪᠠᠷᠢᠮᠲᠠᠯᠠᠨ ᠲᠡᠷᠡ ᠬᠡᠪ ᠢᠶᠠᠷ ᠨᠢ ᠰᠤᠷᠤᠯᠴᠠᠵᠤ᠂ ᠢᠯᠡᠳᠬᠡᠯ ᠢ ᠰᠠᠶᠢᠲᠤᠷ ᠰᠤᠷᠤᠯᠴᠠᠵᠤ᠂ | ︽ᠰᠢᠢᠳᠪᠦᠷᠢ︾ ᠶᠢ ᠰᠠᠶᠢᠲᠤᠷ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠵᠣᠷᠢᠭ | ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠨ᠂ ᠭᠤᠣᠯ ᠴᠢᠬᠤᠯᠠ ᠠᠭᠤᠯᠭ᠎ᠠ ᠶᠢ ᠣᠨᠣᠪᠴᠢᠲᠠᠶ ᠡᠵᠡᠮᠰᠢᠵᠦ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ | ᠦᠨᠡᠨ ᠬᠦ ᠨᠢᠭᠡᠳᠬᠡᠬᠦ ᠶᠢ ᠲᠡᠷᠡ ᠬᠡᠪ ᠢᠶᠠᠷ ᠨᠢ ᠪᠡᠶᠡᠯᠡᠭᠦᠯᠬᠦ ᠬᠡᠷᠡᠭᠲᠡᠢ᠃ ᠰᠡᠳᠬᠢᠬᠦᠢ ᠶᠢᠨ ᠤᠬᠠᠪᠤᠷᠢ ᠰᠤᠷᠬᠤᠢ ᠳᠤᠷ | ︽ᠰᠤᠷᠪᠠᠴᠤ ᠰᠡᠳᠬᠢᠬᠦ ᠦᠭᠡᠢ ᠪᠣᠯᠪᠠᠰᠤ ᠴᠠᠯᠠᠭᠠᠶᠢᠷᠠᠮᠤᠢ᠂ ᠰᠡᠳᠬᠢᠪᠡᠴᠦ ᠰᠤᠷᠬᠤ ᠦᠭᠡᠢ ᠪᠣᠯᠪᠠᠰᠤ ᠪᠠᠯᠠᠶᠢᠷᠠᠮᠤᠢ︾᠃ | ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠰᠡᠳᠬᠢᠯ | ᠰᠠᠨᠠᠭ᠎ᠠ ᠪᠠᠨ ᠲᠥᠪᠯᠡᠷᠡᠭᠦᠯᠦᠨ ᠰᠤᠷᠤᠯᠴᠠᠨ ᠭᠦᠨᠵᠡᠭᠡᠢ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠠᠵᠠ ᠲᠣᠬᠢᠶᠠᠯ ᠥᠷᠢᠰᠦᠯᠳᠦᠭᠡᠨ ᠢ ᠪᠣᠳᠣᠯᠬᠢᠯᠠᠨ᠂ ᠤᠷᠳᠤ ᠣᠬᠤᠷ ᠰᠠᠮᠪᠠᠷ᠎ᠠ ᠶᠢ ᠲᠣᠳᠣᠷᠬᠠᠢ ᠲᠠᠨᠢᠵᠤ᠂ | ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠵᠤ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠪᠠᠶᠢᠳᠠᠯ ᠳᠤ ᠲᠣᠬᠢᠷᠠᠭᠤᠯᠤᠨ ᠠᠷᠭ᠎ᠠ ᠰᠦᠪᠡᠭᠴᠢᠯᠡᠵᠦ᠂ | ᠪᠠᠶᠢᠳᠠᠯ ᠳᠤ ᠵᠣᠬᠢᠴᠠᠭᠤᠯᠤᠨ ᠬᠥᠳᠡᠯᠵᠦ᠂ ᠪᠠᠶᠢᠳᠠᠯ ᠳᠤ ᠵᠣᠬᠢᠴᠠᠭᠤᠯᠤᠨ ᠠᠵᠢᠯᠯᠠᠬᠤ ᠶᠢ ᠦᠨᠡᠨᠬᠦ ᠪᠡᠶᠡᠯᠡᠭᠦᠯᠬᠦ | ᠬᠡᠷᠡᠭᠲᠡᠢ᠃ᠦᠢᠯᠡᠳᠦᠯᠭᠡ ᠲᠠᠢ ᠤᠶᠠᠯᠳᠤᠭᠤᠯᠤᠨ ᠰᠤᠷᠤᠯᠴᠠᠬᠤ ᠳᠤ᠂ ᠭᠦᠨᠵᠡᠭᠡᠢ ᠰᠤᠷᠤᠯᠴᠠᠬᠤ᠂ ᠪᠣᠳᠠᠲᠠᠢ ᠰᠤᠷᠤᠯᠴᠠᠬᠤ᠂ | ᠰᠤᠷᠴᠤ ᠣᠶᠢᠯᠠᠭᠠᠬᠤ᠂ ᠨᠡᠪᠲᠡᠷᠬᠡᠢ ᠰᠤᠷᠤᠯᠴᠠᠬᠤ ᠶᠢᠨ ᠰᠠᠭᠤᠷᠢᠨ ᠳᠡᠭᠡᠷ᠎ᠡ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ | ᠬᠡᠪᠴᠢᠶ᠎ᠡ᠂ ᠲᠤᠰᠬᠠᠢ ᠲᠤᠰᠢᠶᠠᠯ ᠤᠨ ᠲᠤᠰᠬᠠᠢ ᠮᠡᠷᠭᠡᠵᠢᠯ ᠠᠴᠠ ᠭᠤᠣᠯᠳᠠᠯᠭ᠎ᠠ ᠶᠢ ᠬᠤᠪᠢᠶᠠᠷᠢᠯᠠᠵᠤ᠂ ᠦᠨᠳᠦᠰᠦ | ᠪᠠᠷᠢᠮᠲᠠ᠂ ᠠᠷᠭ᠎ᠠ᠂ ᠠᠷᠭ᠎ᠠ ᠬᠡᠮᠵᠢᠶ᠎ᠡ ᠶᠢ ᠡᠷᠢᠵᠦ᠂ ᠠᠵᠢᠯ ᠤᠨ ᠴᠢᠭᠯᠡᠯ ᠲᠣᠳᠣᠷᠬᠠᠢ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠣᠨᠣᠪᠴᠢᠲᠠᠢ ᠪᠠᠶᠢᠯᠭᠠᠬᠤ ᠶᠢ ᠪᠠᠲᠤᠯᠠᠵᠤ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠨ ᠤ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ᠂ ᠤᠯᠠᠨ ᠲᠦᠮᠡᠨ ᠤ ᠳᠤᠮᠳᠠ | ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ ᠭᠡᠵᠠᠢ᠃ | | |