ᠬᠤᠤᠯᠢᠩᠭᠤᠤᠯ ᠬᠤᠲᠠ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ ᠢ 2 ᠰᠢᠨ᠎ᠡ ᠪᠠᠷ ᠨᠡᠮᠡᠭᠰᠡᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/16
    2022 ᠣᠨ ᠤ 11 ᠰᠠᠷ᠎ᠠ ᠶᠢᠨ 15 ᠤ ᠡᠳᠦᠷ᠂ ᠬᠤᠤᠯᠢᠩᠭᠤᠤᠯ ᠬᠤᠲᠠ ᠳᠤ  ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠴᠢᠨᠠᠷ ᠲᠠᠢ ᠬᠥᠮᠥᠨ ᠢ ᠰᠢᠨ᠎ᠡ ᠪᠠᠷ 2 ᠨᠡᠮᠡᠪᠡ᠂ ᠡᠨᠡ ᠪᠣᠯ ᠮᠠᠨ ᠤ ᠬᠤᠲᠠ ᠶᠢᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠲᠠᠢ ᠨᠢᠭᠲᠠ ᠣᠶᠢᠷᠠᠲᠤᠭᠰᠠᠳ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭ᠎ᠠ ᠬᠤᠭᠤᠴᠠᠭᠠᠨ ᠳᠤ ᠪᠦᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠵᠦᠢᠯ ᠮᠥᠨ᠂ ᠳᠠᠬᠢᠨ ᠬᠢᠨᠠᠭᠰᠠᠨ ᠤ ᠳᠠᠷᠠᠭ᠎ᠠ ᠴᠥᠮ ᠠᠷᠭ᠎ᠠ ᠴᠢᠨᠠᠷ ᠲᠠᠢ ᠪᠠᠶᠢᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠮᠲᠤᠷᠠᠨ ᠣᠨᠣᠰᠢᠯᠠᠭᠰᠠᠨ ᠤ ᠳ᠋ᠦᠩ ᠳᠤ ᠴᠥᠮ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠣᠯᠣᠨ᠎ᠠ   ᠤᠳᠤ ᠪᠣᠳᠠᠲᠠᠢ ᠮᠡᠳᠡᠭᠡ ᠵᠠᠩᠭᠢ ᠪᠠ ᠵᠠᠮ ᠮᠥᠷ ᠢ ᠳᠣᠣᠷᠠᠬᠢ ᠮᠡᠲᠦ ᠵᠠᠷᠯᠠᠶ᠎ᠠ᠄ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ 2᠄  ᠡᠷᠡᠭᠲᠡᠢ᠂ 56 ᠨᠠᠰᠤᠲᠠᠢ᠂ ᠣᠳᠣ ᠢᠦᠢ ᠱᠦᠢ ᠮᠢᠩ ᠵᠦ ᠲᠣᠭᠤᠷᠢᠭ ᠤᠨ 6 ᠳ᠋ᠤᠭᠠᠷ ᠠᠰᠠᠷ ᠤᠨ 3 ᠳ᠋ᠤᠭᠠᠷ ᠡᠭᠦᠳᠡᠨ ᠳᠤ ᠰᠠᠭᠤᠵᠤ ᠪᠠᠶᠢᠨ᠎ᠠ᠃11 ᠰᠠᠷ᠎ᠠ   ᠶᠢᠨ 11 ᠤ ᠡᠳᠦᠷ᠄ ᠵᠠᠷᠤᠳ ᠬᠤᠰᠢᠭᠤᠨ   ᠠᠴᠠ ᠲᠡᠷᠭᠡ ᠵᠢᠯᠣᠭᠤᠳᠤᠨ ᠬᠤᠤᠯᠢᠩᠭᠤᠤᠯ ᠳᠤ ᠪᠤᠴᠠᠵᠤ᠂ 20 ᠴᠠᠭ 30 ᠮᠢᠨᠦ᠋ᠲ ᠲᠤ ᠬᠤᠳᠠ ᠶᠢᠨ ᠡᠮᠦᠨᠡᠬᠢ ᠤᠷᠤᠵᠦ ᠭᠠᠷᠬᠤ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡᠨ ᠳᠤ ᠬᠦᠷᠴᠦ᠂ ᠭᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠦᠭᠡᠢ᠃11 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ ᠭᠡᠷ ᠲᠡᠭᠡᠨ ᠪᠠᠶᠢᠵᠦ ᠭᠠᠳᠠᠭᠰᠢ ᠭᠠᠷᠤᠭᠰᠠᠨ ᠦᠭᠡᠢ᠃11 ᠰᠠᠷ᠎ᠠ ᠶᠢᠨ 14 ᠤ ᠡᠳᠦᠷ᠄ 8 ᠴᠠᠭ 25 ᠮᠢᠨᠦ᠋ᠲ ᠲᠤ ᠬᠤᠪᠢ ᠶᠢᠨ ᠮᠠᠰᠢᠨ ᠲᠡᠷᠭᠡᠨ ᠳᠤ ᠰᠠᠭᠤᠵᠤ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠤᠨ ᠪᠥᠭᠡᠮ ᠬᠦᠴᠢᠯ ᠤᠨ ᠥᠯᠢᠭᠡᠷ ᠠᠪᠬᠤ ︵ᠥᠯᠢᠭᠡᠷ ᠠᠪᠬᠤ ᠴᠠᠭ᠄ 8 ᠴᠠᠭ 30 ᠮᠢᠨᠦ᠋ᠲ︶ ᠳᠤ ᠬᠦᠷᠴᠦ᠂ ᠰᠡᠭᠦᠯᠡᠷ ᠨᠢ ᠭᠡᠷ ᠲᠡᠭᠡᠨ ᠬᠠᠷᠢᠪᠠ︔13 ᠴᠠᠭ ᠲᠤ ᠴᠠᠬᠢᠯᠭᠠᠨ ᠬᠥᠳᠡᠯᠭᠡᠭᠦᠷᠲᠦ ᠲᠡᠷᠭᠡ ᠤᠨᠤᠵᠤ ᠤᠷᠢᠳ ᠬᠤᠵᠢᠳ ᠵᠦᠰᠬᠤᠸᠠ ᠵᠡᠭᠡᠯᠢ   ᠶᠢᠨ ᠬᠦᠷᠢᠶᠡᠨ ᠳᠣᠲᠣᠷᠠᠬᠢ ᠬᠥᠭᠡᠷᠭᠡ   ᠶᠢᠨ ᠥᠷᠲᠡᠭᠡ᠂ ᠶᠤᠸᠠᠨ ᠶᠤᠸᠠᠨ ᠪᠠᠭ᠎ᠠ ᠲᠣᠭᠤᠷᠢᠭ ᠤᠨ ᠬᠦᠷᠢᠶᠡᠨ ᠳᠣᠲᠣᠷᠠᠬᠢ ᠬᠥᠭᠡᠷᠭᠡ   ᠶᠢᠨ ᠥᠷᠲᠡᠭᠡ᠂ ᠢᠯᠴᠢ ᠬᠠᠩᠭᠠᠬᠤ ᠨᠢᠭᠡᠳᠦᠭᠡᠷ ᠺᠣᠮᠫᠠᠨᠢ   ᠶᠢᠨ ᠦᠢᠯᠡᠳᠪᠦᠷᠢ   ᠶᠢᠨ ᠲᠠᠰᠤᠭ ᠤᠨ ᠬᠠᠵᠠᠭᠤ   ᠶᠢᠨ ᠬᠥᠭᠡᠷᠭᠡ   ᠶᠢᠨ ᠥᠷᠲᠡᠭᠡ ᠪᠠᠷ ᠲᠣᠭᠤᠷᠢᠨ ᠪᠠᠶᠢᠴᠠᠭᠠᠵᠤ᠂ ᠳᠠᠷᠠᠭ᠎ᠠ ᠨᠢ ᠴᠠᠬᠢᠯᠭᠠᠨ ᠬᠥᠳᠡᠯᠭᠡᠭᠦᠷᠲᠦ ᠲᠡᠷᠭᠡ ᠤᠨᠤᠵᠤ ᠭᠡᠷ ᠲᠡᠭᠡᠨ ᠬᠠᠷᠢᠭᠰᠠᠨ ᠪᠣᠯᠪᠠᠴᠤ ᠭᠠᠳᠠᠭᠰᠢ ᠭᠠᠷᠤᠭᠰᠠᠨ ᠦᠭᠡᠢ᠃ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 3᠄ ᠡᠮᠡᠭᠲᠡᠢ᠂ 57 ᠨᠠᠰᠤᠲᠠᠢ᠂ ᠣᠳᠣ ᠢᠦᠢ ᠱᠦᠢ ᠮᠢᠩ ᠵᠦ ᠲᠣᠭᠤᠷᠢᠭ ᠤᠨ 6 ᠳ᠋ᠤᠭᠠᠷ ᠠᠰᠠᠷ ᠤᠨ 3 ᠳ᠋ᠤᠭᠠᠷ ᠡᠭᠦᠳᠡᠨ ᠳᠤ ᠰᠠᠭᠤᠵᠤ ᠪᠠᠶᠢᠨ᠎ᠠ᠃11 ᠰᠠᠷ᠎ᠠ ᠶᠢᠨ 10 ᠤ ᠡᠳᠦᠷ ᠠᠴᠠ 13 ᠤ ᠡᠳᠦᠷ ᠪᠣᠯᠲᠠᠯ᠎ᠠ ᠭᠡᠷ ᠲᠡᠭᠡᠨ ᠭᠠᠳᠠᠭᠰᠢ ᠭᠠᠷᠤᠭᠰᠠᠨ ᠦᠭᠡᠢ᠃11 ᠰᠠᠷ᠎ᠠ ᠶᠢᠨ 14 ᠤ ᠡᠳᠦᠷ᠄ 10 ᠴᠠᠭ 31 ᠮᠢᠨᠦ᠋ᠲ ᠲᠤ ᠶᠠᠪᠠᠭᠠᠨ ᠢᠶᠠᠷ ᠢᠦᠢ ᠱᠦᠢ ᠶᠢᠨ ᠮᠢᠩ ᠵᠦ ᠵᠢᠵᠢᠭ ᠲᠣᠭᠤᠷᠢᠭ ᠤᠨ ᠱᠤᠸᠠᠩ ᠯᠢ ᠬᠡᠲᠦ ᠳᠡᠯᠭᠡᠭᠦᠷ ᠲᠤ ᠬᠦᠷᠴᠦ ᠶᠠᠭᠤᠮ᠎ᠠ ᠬᠤᠳᠠᠯᠳᠤᠨ ᠠᠪᠴᠠᠢ᠂ 11 ᠴᠠᠭ 02 ᠮᠢᠨᠦ᠋ᠲ ᠲᠤ ᠳᠠᠩᠰᠠ ᠪᠠᠨ ᠪᠤᠳᠤᠵᠤ ᠳᠡᠯᠭᠡᠭᠦᠷ ᠠᠴᠠ ᠭᠠᠷᠴᠤ᠂ ᠭᠡᠷ ᠲᠡᠭᠡᠨ ᠬᠠᠷᠢᠭᠠᠳ ᠭᠠᠳᠠᠭᠰᠢ ᠭᠠᠷᠤᠭᠰᠠᠨ ᠦᠭᠡᠢ᠃    ᠳᠡᠭᠡᠷ᠎ᠡ ᠳᠤᠷᠠᠳᠤᠭᠰᠠᠨ ᠴᠠᠭ ᠬᠤᠭᠤᠴᠠᠭᠠᠨ ᠤ ᠠᠶᠠᠯᠠᠯ ᠤᠨ ᠵᠠᠮ ᠮᠥᠷ ᠲᠠᠢ ᠠᠭᠤᠯᠵᠠᠨ ᠴᠤᠭᠯᠠᠷᠠᠭᠰᠠᠨ ᠬᠥᠮᠥᠰ ᠂ ᠵᠠᠷᠯᠠᠯ ᠢ ᠣᠯᠵᠤ ᠦᠵᠡᠭᠰᠡᠨ ᠤ ᠳᠠᠷᠠᠭ᠎ᠠ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠠᠵᠢᠯᠯᠠᠵᠤ ᠪᠠᠶᠢᠭ᠎ᠠ ᠨᠢᠭᠡᠴᠡ ᠳᠤ ᠴᠠᠭ ᠲᠤᠬᠠᠢ ᠳᠤᠨᠢ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃    ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠶᠤᠵᠤ ᠰᠠᠨᠳᠤᠷᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠢ ᠢᠲᠡᠭᠡᠬᠦ ᠦᠭᠡᠢ ᠪᠠᠶᠢᠵᠤ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠰᠠᠯᠬᠢ ᠨᠠᠪᠲᠠᠷᠡᠭᠦᠯᠵᠦ᠂ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠬᠤ ᠶᠢ ᠬᠦᠰᠡᠵᠦ ᠪᠠᠶᠢᠨ᠎ᠠ᠃    ᠣᠳᠣᠬᠠᠨ ᠳᠤ᠂ ᠮᠠᠨ ᠤ ᠬᠤᠲᠠ ᠶᠢᠨ ᠡᠯ᠎ᠡ ᠲᠥᠷᠥᠯ ᠤᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠤᠨ ᠨᠥᠭᠡᠴᠡ ᠭᠦᠢᠴᠡᠳ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠪᠢᠲᠡᠭᠡᠢ ᠰᠣᠬᠤᠷ ᠪᠠᠯᠠᠢ ᠪᠠᠷ ᠵᠠᠪᠳᠤᠨ ᠬᠤᠳᠠᠯᠳᠤᠨ ᠠᠪᠴᠤ᠂ ᠡᠯ᠎ᠡ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ   ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃           ᠬᠤᠤᠯᠢᠩᠭᠤᠤᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ         2022 ᠣᠨ ᠤ 11 ᠰᠠᠷ᠎ᠠ ᠶᠢᠨ 15 ᠤ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号