ᠬᠤᠤᠯᠢᠩᠭᠤᠤᠯ ᠬᠤᠲᠠ ᠶᠢᠨ ᠨᠢᠭᠡᠳᠦᠭᠡᠷ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/11/16
ᠥᠷᠭᠡᠨ ᠤᠯᠠᠨ ᠰᠠᠭᠤᠭᠠᠯᠢ ᠠᠷᠠᠳ ᠨᠠᠶᠢᠵᠢ ᠨᠠᠷ ᠡ᠄   ᠬᠢᠵᠢᠭ ᠤᠨ ᠪᠠᠶᠢᠳᠠᠯ   ᠢ ᠨᠢᠭᠤᠨ ᠳᠠᠯᠳᠠᠯᠠᠵᠤ ᠲᠠᠷᠬᠠᠭᠠᠬᠤ ᠠᠶᠤᠯ ᠲᠦᠭᠰᠢᠭᠦᠷᠢ   ᠶᠢ ᠡᠷᠡᠰ   ᠢᠶᠠᠷ ᠬᠤᠷᠢᠭᠯᠠᠨ ᠵᠣᠭᠰᠣᠭᠠᠵᠤ᠂  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ   ᠶᠢ ᠴᠢᠩᠭᠠᠳᠬᠠᠨ᠂ ᠪᠥᠬᠦ ᠬᠤᠲᠠ   ᠶᠢᠨ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ   ᠢ ᠪᠠᠲᠤᠯᠠᠬᠤ   ᠶᠢᠨ ᠲᠥᠯᠥᠭᠡ᠂ 11 ᠰᠠᠷ᠎ᠠ   ᠶᠢᠨ 15 ᠤ ᠡᠳᠦᠷ ᠮᠠᠨ ᠤ ᠬᠤᠲᠠ ᠠᠩᠬᠠᠳᠠᠭᠴᠢ ᠡᠭᠡᠯᠵᠢ   ᠶᠢᠨ ᠣᠷᠣᠨ ᠪᠦᠰᠡ   ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ   ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠣᠯᠵᠠᠢ᠃   ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠂ ᠥᠷᠭᠡᠨ ᠣᠯᠠᠨ ᠬᠤᠲᠠ ᠶᠢᠨ ᠠᠷᠠᠳ ᠠᠶᠤᠵᠤ ᠰᠠᠨᠳᠤᠷᠬᠤ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠲᠠᠷᠬᠠᠭᠠᠬᠤ ᠦᠭᠡᠢ᠂ ᠴᠤᠤᠷᠬᠠᠯ ᠢ ᠢᠲᠡᠭᠡᠬᠦ ᠦᠭᠡᠢ ᠪᠠᠶᠢᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠪᠠᠲᠤᠯᠠᠬᠤ ᠶᠢ ᠬᠦᠰᠡᠵᠦ ᠪᠠᠶᠢᠨ᠎ᠠ᠃ ᠡᠭᠦᠨ ᠤ ᠵᠡᠷᠭᠡᠪᠡᠷ᠂ ᠥᠷᠭᠡᠨ ᠤᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠪᠢ ᠬᠥᠮᠥᠨ ᠤ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠤᠯᠠᠨ ᠢᠶᠠᠷ ᠢᠶᠠᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠢᠵᠢᠭ ᠢ ᠡᠰᠡᠷᠭᠦᠴᠡᠵᠦ᠂ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠳᠤ ᠬᠦᠴᠦ ᠪᠠᠨ ᠬᠠᠮᠲᠤᠳᠬᠠᠨ ᠢᠯᠠᠯᠲᠠ ᠣᠯᠬᠤ ᠶᠢ ᠬᠦᠰᠡᠵᠦ ᠪᠠᠶᠢᠨ᠎ᠠ᠃   ᠥᠷᠭᠡᠨ ᠤᠯᠠᠨ ᠰᠠᠭᠤᠭᠠᠯᠢ ᠠᠷᠠᠳ ᠤᠨ ᠣᠶᠢᠯᠠᠭᠠᠯᠲᠠ᠂ ᠳᠡᠮᠵᠢᠯᠭᠡ᠂ ᠬᠠᠮᠵᠢᠯᠴᠠᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ᠡᠮᠨᠡᠯᠭᠡ ᠶᠢᠨ ᠠᠵᠢᠯ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠲᠣᠭᠤᠷᠢᠭ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠳᠠᠭᠠᠭᠠᠴᠢᠯᠠᠨ ᠬᠤᠯᠪᠣᠭᠠᠯᠠᠬᠤ ᠨᠢᠭᠡᠴᠡ ᠵᠡᠷᠭᠡ ᠠᠵᠢᠯᠲᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ︕      ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ           2022 ᠣᠨ ᠤ 11 ᠰᠠᠷ᠎ᠠ ᠶᠢᠨ 16
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号