ᠬᠤᠳᠠ ᠶᠢᠨ ᠠᠷᠠᠳ ᠨᠠᠶᠢᠵᠢ ᠨᠠᠷ ᠡ᠄ | ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠠᠶᠢᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ | ᠪᠠ ᠠᠮᠢ ᠨᠠᠰᠤᠨ ᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠨᠡᠮᠡᠷᠢᠯᠡᠵᠦ᠂ ᠬᠤᠲᠠ ᠶᠢᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠣᠲᠣ ᠥᠷᠭᠡᠨ ᠣᠯᠠᠨ ᠬᠤᠲᠠ ᠶᠢᠨ ᠠᠷᠠᠳ ᠨᠠᠶᠢᠵᠠ | ᠨᠠᠷ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠰᠠᠶᠢᠨ | ᠳᠤᠷ᠎ᠠ ᠶᠢᠨ ᠠᠵᠢᠯᠯᠠᠭᠴᠢ ᠶᠢ ᠡᠯᠰᠡᠵᠦ ᠪᠠᠶᠢᠨ᠎ᠠ᠂ ᠠᠳᠡ ᠪᠥᠬᠦ ᠬᠤᠲᠠ ᠶᠢᠨ ᠥᠷᠭᠡᠨ ᠣᠯᠠᠨ ᠲᠦᠮᠡᠨ ᠢ | ᠢᠳᠡᠪᠬᠢᠲᠡᠢ ᠪᠠᠷ ᠨᠡᠷ᠎ᠡ ᠮᠡᠳᠡᠭᠦᠯᠦᠨ ᠣᠷᠣᠯᠴᠠᠭᠤᠯᠵᠤ᠂ ᠮᠠᠨ ᠤ ᠡᠷᠡᠭᠦᠯ ᠡᠩᠬᠡ ᠭᠡᠷ ᠣᠷᠣᠨ ᠢᠶᠠᠨ ᠬᠠᠮᠲᠤ ᠪᠠᠷ | ᠰᠠᠬᠢᠨ ᠬᠠᠮᠠᠭᠠᠯᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ | | | | ᠨᠢᠭᠡ ᠡᠯᠰᠡᠬᠦ ᠨᠥᠬᠦᠴᠡᠯ | 1. ᠲᠤᠰ ᠤᠳᠠᠭᠠᠨ ᠤ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ | ᠵᠣᠷᠢᠯᠲᠠ ᠪᠠ ᠰᠠᠶᠢᠨ ᠳᠤᠷ᠎ᠠ ᠶᠢᠨ᠂ ᠲᠥᠯᠥᠪᠦᠷᠢ ᠦᠭᠡᠢ᠂ ᠡᠷᠬᠡ ᠲᠡᠭᠰᠢ᠂ ᠦᠨᠡᠨᠴᠢ ᠢᠲᠡᠭᠡᠮᠵᠢᠲᠡᠢ᠂ ᠬᠠᠤᠯᠢ | ᠶᠣᠰᠣᠨ ᠤ ᠪᠠᠶᠢᠬᠤ ᠵᠠᠷᠴᠢᠮ ᠢ ᠵᠢᠷᠤᠮᠯᠠᠨ᠎ᠠ᠃ | 2. ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯ ᠲᠠᠢ᠂ ᠪᠦᠬᠦᠯᠢ 18 ᠨᠠᠰᠤᠨ ᠠᠴᠠ ᠪᠦᠬᠦᠯᠢ | 60 ᠨᠠᠰᠤᠨ ᠤ ᠬᠤᠭᠤᠷᠣᠨᠳᠤ᠂ ᠡᠷᠡᠭᠲᠡᠢ ᠡᠮᠡᠭᠲᠡᠢ ᠶᠢ ᠬᠢᠵᠠᠭᠠᠷᠯᠠᠬᠤ ᠦᠭᠡᠢ᠂ ᠵᠣᠪᠠᠭᠤᠷᠢ ᠵᠦᠳᠡᠭᠦᠷᠢ ᠶᠢ ᠲᠡᠰᠪᠦᠷᠢᠯᠡᠨ᠂ | ᠬᠠᠷᠠᠮ ᠦᠭᠡᠢ ᠵᠢᠳᠬᠦᠬᠦ ᠳᠤᠷᠠᠲᠠᠢ ᠪᠠᠶᠢᠵᠤ᠂ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ | ᠪᠠᠶᠢᠬᠤ ᠬᠡᠷᠡᠭᠲᠡᠢ᠃ | 3. ᠲᠣᠰ ᠬᠥᠮᠥᠨ ᠨᠢᠭᠡᠨᠲᠡ ᠰᠢᠨ᠎ᠡ ᠸᠠᠺᠼᠢᠨ ᠤ ᠲᠠᠷᠢᠯᠭ᠎ᠠ ᠶᠢ ᠪᠡᠶᠡᠯᠡᠭᠦᠯᠦᠭᠰᠡᠨ ᠪᠥᠭᠡᠳ ᠪᠥᠭᠡᠮ ᠬᠦᠴᠢᠯ ᠤᠨ | ᠪᠠᠶᠢᠴᠠᠭᠠᠯᠲᠠ ᠶᠢᠨ ᠮᠡᠳᠡᠭᠦᠯᠦᠯᠲᠡ ᠨᠢ ᠪᠢᠯᠢᠭ ᠴᠢᠨᠠᠷᠲᠠᠢ ᠪᠠᠶᠢᠵᠤ᠂ 14 ᠡᠳᠦᠷ ᠤᠨ ᠳᠣᠲᠣᠷ᠎ᠠ ᠲᠣᠰ ᠬᠤᠲᠠ | ᠠᠴᠠ ᠰᠠᠯᠤᠭᠰᠠᠨ ᠦᠭᠡᠢ᠂ ᠲᠣᠰ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ 14 ᠡᠳᠦᠷ ᠤᠨ ᠳᠣᠲᠣᠷ᠎ᠠ | ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠳᠤ ᠭᠦᠷᠦᠭᠰᠡᠨ ᠦᠭᠡᠢ᠂ 30 ᠡᠳᠦᠷ ᠤᠨ ᠳᠣᠲᠣᠷ᠎ᠠ ᠣᠨᠣᠰᠢᠯᠠᠭᠰᠠᠨ | ᠪᠤᠶᠤ ᠣᠨᠣᠰᠢᠯᠠᠭᠰᠠᠨ ᠰᠡᠵᠢᠭᠯᠡᠯᠲᠡᠢ ᠬᠥᠮᠥᠰ ᠲᠠᠢ ᠣᠶᠢᠷᠠᠲᠤᠭᠰᠠᠨ ᠲᠡᠦᠬᠡ ᠦᠭᠡᠢ ᠪᠠᠶᠢᠬᠤ ᠬᠡᠷᠡᠭᠲᠡᠢ︔ 3 | ᠡᠳᠦᠷ ᠤᠨ ᠳᠣᠲᠣᠷ᠎ᠠ ᠸᠠᠺᠼᠢᠨ ᠤ ᠲᠠᠷᠢᠯᠭ᠎ᠠ ᠶᠢ ᠪᠡᠶᠡᠯᠡᠭᠦᠯᠦᠭᠰᠡᠨ ᠪᠥᠭᠡᠳ ᠴᠥᠮ᠎ᠡ ᠶᠢᠨ ᠬᠦᠴᠢᠯ ᠤᠨ | ᠪᠠᠶᠢᠴᠠᠭᠠᠯᠲᠠ ᠶᠢᠨ ᠮᠡᠳᠡᠭᠦᠯᠦᠯᠲᠡ ᠨᠢ ᠪᠢᠯᠢᠭ ᠴᠢᠨᠠᠷᠲᠠᠢ ᠪᠠᠶᠢᠵᠤ᠂ 14 ᠡᠳᠦᠷ ᠤᠨ ᠳᠣᠲᠣᠷ᠎ᠠ ᠲᠣᠰ ᠬᠤᠲᠠ | ᠠᠴᠠ ᠰᠠᠯᠤᠭᠰᠠᠨ ᠦᠭᠡᠢ᠂ ᠲᠣᠰ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ 14 ᠡᠳᠦᠷ ᠤᠨ ᠳᠣᠲᠣᠷ᠎ᠠ | ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠳᠤ ᠭᠦᠷᠦᠭᠰᠡᠨ ᠦᠭᠡᠢ︔ | 4. ᠨᠢᠭᠡᠳᠦᠯᠲᠡᠢ ᠵᠢᠯᠣᠭᠤᠳᠤᠯᠭ᠎ᠠ ᠲᠣᠬᠢᠷᠠᠭᠤᠯᠤᠯᠲᠠ ᠶᠢ ᠬᠦᠯᠢᠶᠡᠵᠦ᠂ ᠵᠣᠬᠢᠶᠠᠨ ᠪᠠᠶᠢᠭᠤᠯᠤᠯᠲᠠ ᠶᠢᠨ | ᠲᠣᠬᠢᠷᠠᠭᠤᠯᠤᠯᠲᠠ ᠶᠢ ᠳᠠᠭᠠᠬᠤ ᠬᠡᠷᠡᠭᠲᠡᠢ᠂ ᠳᠤᠷ᠎ᠠ ᠪᠠᠷ ᠢᠶᠠᠨ ᠬᠥᠳᠡᠯᠵᠦ ᠪᠣᠯᠬᠤ ᠦᠭᠡᠢ᠃ ᠪᠣᠯᠪᠠᠰᠤᠨ ᠢᠶᠠᠷ | ᠦᠢᠯᠡᠴᠢᠯᠡᠬᠦ ᠶᠢ ᠪᠠᠷᠢᠮᠲᠠᠯᠠᠵᠤ᠂ ᠬᠤᠪᠢ ᠬᠥᠮᠥᠨ ᠤ ᠨᠢᠭᠤᠴᠠ ᠶᠢ ᠬᠦᠨᠳᠦᠳᠬᠡᠵᠦ᠂ ᠲᠤᠰ ᠪᠡᠶ᠎ᠡ ᠶᠢᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠᠨ ᠴᠠᠭ ᠢᠮᠠᠭᠲᠠ ᠰᠠᠶᠢᠲᠤᠷ ᠬᠢᠬᠦ ᠬᠡᠷᠡᠭᠲᠡᠢ᠃ | ᠬᠤᠶᠠᠷ᠄ ᠦᠢᠯᠡᠴᠢᠯᠡᠬᠦ ᠠᠭᠤᠯᠭ᠎ᠠ | ᠡᠯ᠎ᠡ ᠰᠤᠮᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠬᠠᠮᠵᠢᠨ ᠬᠥᠮᠥᠰ ᠢ | ᠳᠠᠩᠰᠠᠯᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠮᠡᠳᠡᠭᠡ ᠵᠠᠩᠭᠢ ᠴᠤᠭᠯᠠᠭᠤᠯᠬᠤ᠂ ᠡᠮᠬᠢ ᠳᠢᠭᠯᠢᠮ ᠢ ᠬᠠᠮᠠᠭᠠᠯᠠᠬᠤ᠂ | ᠬᠢᠵᠢᠭ ᠢ ᠰᠡᠷᠭᠡᠶᠢᠯᠡᠬᠦ ᠤᠬᠠᠭᠤᠯᠭ᠎ᠠ᠂ ᠡᠳ᠋ ᠪᠠᠷᠠᠭ᠎ᠠ ᠶᠢ ᠣᠷᠣᠯᠠᠨ ᠬᠤᠳᠠᠯᠳᠤᠨ ᠠᠪᠬᠤ ᠵᠡᠷᠭᠡ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠵᠢᠴᠢ ᠪᠤᠰᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ | ᠭᠤᠷᠪᠠ᠄ ᠨᠡᠷ᠎ᠡ ᠮᠡᠳᠡᠭᠦᠯᠬᠦ ᠴᠠᠭ | ᠲᠤᠰ ᠡᠳᠦᠷ ᠠᠴᠠ ᠡᠬᠢᠯᠡᠵᠦ ᠨᠡᠷ᠎ᠡ ᠮᠡᠳᠡᠭᠦᠯᠦᠨ᠎ᠡ | ᠲᠦᠷᠪᠡ᠄ ᠦᠢᠯᠡᠴᠢᠯᠡᠬᠦ ᠴᠠᠭ | ᠲᠣᠰ ᠤᠳᠠᠭ᠎ᠠ ᠪᠠᠴᠢᠮ ᠪᠠᠶᠢᠳᠠᠯ ᠢ ᠠᠷᠭᠠᠴᠠᠬᠤ ᠳᠤ ᠪᠡᠯᠡᠳᠬᠡᠬᠦ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠵᠦ᠂ | ᠪᠣᠳᠠᠲᠠᠢ ᠦᠢᠯᠡᠴᠢᠯᠡᠭᠡᠨ ᠤ ᠠᠭᠤᠯᠭ᠎ᠠ᠂ ᠴᠠᠭ᠂ ᠭᠠᠵᠠᠷ ᠵᠡᠷᠭᠡ ᠵᠦᠢᠯᠡᠰ ᠢ ᠰᠡᠷᠭᠡᠶᠢᠯᠡᠨ ᠡᠵᠡᠮᠳᠡᠬᠦ ᠠᠵᠢᠯ ᠤᠨ | ᠪᠦᠬᠦᠯᠢ ᠴᠣᠭᠴᠠ ᠶᠢᠨ ᠲᠣᠬᠢᠷᠠᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠬᠦᠰᠡᠯ ᠰᠠᠨᠠᠭ᠎ᠠ ᠶᠢ | ᠦᠨᠳᠦᠰᠦᠯᠡᠨ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ᠭᠠᠷ ᠤᠲᠠᠰᠤᠨ ᠤ ᠬᠤᠯᠪᠣᠭᠠᠨ ᠤ ᠰᠠᠭᠠᠳ ᠦᠭᠡᠢ | ᠨᠡᠪᠲᠡᠷᠡᠬᠦ ᠶᠢ ᠪᠠᠲᠤᠯᠠᠵᠤ᠂ ᠸᠢᠴᠠᠲ ᠤᠨ ᠪᠦᠯᠦᠭ ᠲᠤ ᠠᠩᠬᠠᠷᠤᠯ ᠢᠶᠠᠨ ᠬᠠᠨᠳᠤᠭᠠᠷᠠᠢ᠂ ᠡᠭᠦᠷᠭᠡ ᠲᠠᠢ ᠦᠶ᠎ᠡ ᠳᠤ | ᠪᠢᠳᠡ ᠲᠠᠨ ᠲᠠᠢ ᠬᠠᠷᠢᠯᠴᠠᠨ᠎ᠠ᠃ | ᠲᠠᠪᠤ᠄ ᠰᠠᠶᠢᠨ ᠳᠤᠷ᠎ᠠ ᠶᠢᠨ ᠦᠢᠯᠡᠴᠢᠯᠡᠭᠴᠢ ᠶᠢ ᠪᠠᠲᠤᠯᠠᠬᠤ ᠪᠠ ᠤᠷᠮᠠᠰᠢᠭᠤᠯᠬᠤ ᠠᠷᠭ᠎ᠠ | 1. ᠰᠠᠶᠢᠨ ᠳᠤᠷ᠎ᠠ ᠶᠢᠨ ᠠᠵᠢᠯᠯᠠᠭᠴᠢ ᠶᠢ ︽ᠣᠶᠢᠷ᠎ᠠ ᠬᠠᠪᠢ ᠳᠤᠨᠢ ᠲᠦᠬᠦᠮ ᠦᠵᠡᠭᠦᠯᠬᠦ︾ ᠵᠠᠷᠴᠢᠮ ᠶᠣᠰᠣᠭᠠᠷ | ᠬᠤᠪᠢᠶᠠᠷᠢᠯᠠᠨ᠎ᠠ᠂ ︽ᠬᠡᠨ ᠬᠥᠮᠥᠨ ᠬᠡᠷᠡᠭᠯᠡᠪᠡᠯ ᠬᠡᠨ ᠬᠠᠮᠢᠶᠠᠷᠬᠤ︾ ᠵᠠᠷᠴᠢᠮ ᠶᠣᠰᠣᠭᠠᠷ᠂ ᠦᠢᠯᠡᠴᠢᠯᠡᠭᠡᠨ ᠤ | ᠨᠢᠭᠡᠴᠢ ᠠᠴᠠ ᠰᠠᠶᠢᠨ ᠳᠤᠷ᠎ᠠ ᠶᠢᠨ ᠠᠵᠢᠯᠯᠠᠭᠴᠢ ᠶᠢ ᠬᠠᠮᠢᠶᠠᠷᠴᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠯ ᠪᠠ ᠰᠡᠷᠭᠡᠶᠢᠯᠡᠨ ᠬᠠᠮᠠᠭᠠᠯᠠᠯᠲᠠ ᠶᠢᠨ ᠪᠠᠲᠤᠯᠠᠭ᠎ᠠ ᠬᠠᠩᠭᠠᠨ᠎ᠠ; | 2. ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠭᠤᠴᠠᠭᠠᠨ ᠳᠤ ᠦᠢᠯᠡᠴᠢᠯᠡᠬᠦ ᠨᠢᠭᠡᠴᠢ ᠠᠴᠠ ᠰᠠᠶᠢᠨ ᠳᠤᠷ᠎ᠠ ᠶᠢᠨ | ᠠᠵᠢᠯᠯᠠᠭᠴᠢ ᠳᠤ ᠵᠦᠢ ᠵᠣᠬᠢᠰᠲᠠᠢ ᠡᠮᠬᠢ ᠵᠢᠷᠤᠮ ᠲᠠᠢ ᠪᠠᠷ ᠠᠵᠢᠯ ᠤᠨ ᠪᠠᠶᠢᠷᠢ ᠲᠣᠬᠢᠷᠠᠭᠤᠯᠵᠤ᠂ ᠠᠵᠢᠯ ᠤᠨ | ᠪᠠᠶᠢᠷᠢ ᠳᠤ ᠭᠠᠷᠬᠤ ᠴᠠᠭ ᠢ ᠲᠣᠬᠢᠷᠠᠭᠤᠯᠤᠨ᠂ ᠰᠠᠶᠢᠨ ᠳᠤᠷ᠎ᠠ ᠶᠢᠨ ᠠᠵᠢᠯᠯᠠᠭᠴᠢ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠶᠠᠪᠤᠴᠠ ᠳᠤ ᠲᠣᠬᠢᠶᠠᠯᠳᠤᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠰᠠᠶᠢᠨ | ᠳᠤᠷ᠎ᠠ ᠶᠢᠨ ᠠᠵᠢᠯᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | 3. ᠰᠠᠶᠢᠨ ᠳᠤᠷ᠎ᠠ ᠶᠢᠨ ᠠᠵᠢᠯᠯᠠᠭᠴᠢ ᠤᠳᠠᠭ᠎ᠠ ᠪᠦᠷᠢ ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ | ᠥᠪᠡᠷ ᠤᠨ ᠪᠡᠶ᠎ᠡ ᠶᠢᠨ ᠪᠠᠶᠢᠴᠠᠭᠠᠯᠲᠠ ᠪᠠᠨ ᠰᠠᠶᠢᠲᠤᠷ ᠬᠢᠬᠦ ᠶᠢ ᠠᠩᠬᠠᠷᠬᠤ ᠶᠢᠨ ᠬᠠᠮᠲᠤ ︽ᠡᠷᠡᠭᠦᠯ ᠮᠡᠨᠳᠦ ᠶᠢᠨ | ᠨᠣᠮᠧᠷ︾ ᠤᠨ ᠪᠠᠶᠢᠳᠠᠯ ᠢ ᠪᠠᠶᠢᠴᠠᠭᠠᠨ ᠦᠵᠡᠵᠦ᠂ ᠪᠡᠶ᠎ᠡ ᠮᠠᠬᠠᠪᠤᠳ ᠨᠢ ᠡᠪ ᠦᠭᠡᠢ ︵ᠵᠢᠱᠢᠶᠡᠯᠡᠪᠡᠯ ᠬᠢᠮᠤᠷᠠᠬᠤ᠂ | ᠬᠠᠯᠠᠭᠤᠷᠠᠬᠤ ᠵᠡᠷᠭᠡ︶ ᠪᠠᠶᠢᠳᠠᠯ ᠭᠠᠷᠪᠠᠯ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠴᠠᠭ ᠲᠤᠬᠠᠢ ᠳᠤᠨᠢ ᠠᠵᠢᠯ ᠤᠨ | ᠪᠠᠶᠢᠷᠢ ᠠᠴᠠ ᠪᠠᠨ ᠰᠠᠯᠬᠤ ᠶᠢᠨ ᠬᠠᠮᠲᠤ ᠳᠠᠷᠤᠢ ᠲᠦᠷᠭᠡᠨ ᠪᠠᠶᠢᠴᠠᠭᠠᠨ ᠰᠢᠯᠭᠠᠬᠤ ᠬᠡᠷᠡᠭᠲᠡᠢ᠃ | 4. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠮᠳᠠ ᠲᠣᠪᠣᠶᠢᠮ᠎ᠠ | ᠢᠯᠡᠷᠡᠯ ᠲᠠᠢ ᠰᠠᠶᠢᠨ ᠳᠤᠷ᠎ᠠ ᠶᠢᠨ ᠠᠵᠢᠯᠯᠠᠭᠴᠢ ᠶᠢ ᠬᠠᠮᠤᠭ ᠤᠨ ᠭᠤᠶᠣ ᠰᠠᠶᠢᠨ ᠳᠤᠷ᠎ᠠ ᠶᠢᠨ ᠠᠵᠢᠯᠯᠠᠭᠴᠢ᠂ ᠶᠣᠰᠣ | ᠮᠣᠷᠠᠯ ᠤᠨ ᠵᠢᠱᠢᠶᠡᠴᠢ᠂ ︽ᠳᠡᠷᠭᠡᠳᠡᠬᠢ ᠰᠠᠶᠢᠨ ᠬᠥᠮᠥᠨ︾ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠤᠷᠢᠳᠠᠪᠠᠷ | ᠲᠠᠨᠢᠯᠴᠠᠭᠤᠯᠵᠤ ᠪᠣᠯᠣᠨ᠎ᠠ᠃ | ᠵᠢᠷᠭᠤᠭ᠎ᠠ᠄ ᠨᠡᠷ᠎ᠡ ᠮᠡᠳᠡᠭᠦᠯᠬᠦ ᠬᠡᠯᠪᠡᠷᠢ | 1. ᠬᠡᠯᠪᠡᠷᠢ ᠨᠢᠭᠡ᠄ ᠳᠣᠣᠷᠠᠬᠢ ᠬᠤᠶᠠᠷ ᠬᠡᠮᠵᠢᠯᠲᠦ ᠲᠡᠮᠳᠡᠭ ᠢ ᠰᠢᠷᠪᠢᠵᠦ᠂ ᠣᠯᠠᠨ ᠲᠦᠮᠡᠨ ᠳᠤ ᠨᠡᠷ᠎ᠡ | ᠮᠡᠳᠡᠭᠦᠯᠦᠨ᠎ᠡ᠃ | | | | | | | | 2. ᠠᠷᠭ᠎ᠠ ᠮᠠᠶ᠋ᠢᠭ ᠬᠤᠶᠠᠷ᠄ ᠨᠡᠷ᠎ᠡ ᠮᠡᠳᠡᠭᠦᠯᠬᠦ ᠤᠲᠠᠰᠤ᠄ 15114798856 | |