ᠬᠤᠤᠯᠢᠩᠭᠤᠤᠯ ᠬᠤᠲᠠ ᠶᠢᠨ ᠬᠤᠶᠠᠳᠤᠭᠠᠷ ᠡᠭᠡᠯᠵᠢ ᠶᠢᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/11/17
ᠥᠷᠭᠡᠨ ᠤᠯᠠᠨ ᠰᠠᠭᠤᠭᠠᠯᠢ ᠠᠷᠠᠳ ᠨᠠᠶᠢᠵᠢ ᠨᠠᠷ ᠡ᠄    ᠬᠢᠵᠢᠭ ᠤᠨ ᠪᠠᠶᠢᠳᠠᠯ   ᠢ ᠨᠢᠭᠤᠨ ᠳᠠᠯᠳᠠᠯᠠᠵᠤ ᠲᠠᠷᠬᠠᠭᠠᠬᠤ ᠠᠶᠤᠯ ᠲᠦᠭᠰᠢᠭᠦᠷᠢ   ᠶᠢ ᠡᠷᠡᠰ   ᠢᠶᠠᠷ ᠬᠤᠷᠢᠭᠯᠠᠨ ᠵᠣᠭᠰᠣᠭᠠᠵᠤ᠂ ᠠᠭᠤᠰᠬᠢᠨ ᠰᠢᠨ᠎ᠡ ᠦᠷᠪᠢᠰᠦᠯ ᠤᠨ ᠬᠢᠵᠢᠭ ᠤᠨ ᠪᠠᠶᠢᠳᠠᠯ   ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ   ᠶᠢ ᠴᠢᠩᠭᠠᠳᠬᠠᠨ᠂ ᠪᠥᠬᠦ ᠬᠤᠲᠠ   ᠶᠢᠨ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ   ᠢ ᠪᠠᠲᠤᠯᠠᠬᠤ   ᠶᠢᠨ ᠲᠥᠯᠥᠭᠡ᠂ 11 ᠰᠠᠷ᠎ᠠ   ᠶᠢᠨ 16 ᠤ ᠡᠳᠦᠷ ᠮᠠᠨ ᠤ ᠬᠤᠲᠠ ᠬᠤᠶᠠᠳᠤᠭᠠᠷ ᠡᠭᠡᠯᠵᠢ   ᠶᠢᠨ ᠣᠷᠣᠨ ᠪᠦᠰᠡ   ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ   ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠢ ᠪᠣᠯᠵᠠᠢ᠃   ᠣᠳᠣᠬᠠᠨ ᠳᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠂ ᠥᠷᠭᠡᠨ ᠣᠯᠠᠨ ᠬᠤᠲᠠ ᠶᠢᠨ ᠠᠷᠠᠳ ᠠᠶᠤᠵᠤ ᠰᠠᠨᠳᠤᠷᠬᠤ ᠬᠡᠷᠡᠭ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠢ ᠢᠲᠡᠭᠡᠬᠦ ᠦᠭᠡᠢ ᠪᠠᠶᠢᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠪᠠᠲᠤᠯᠠᠬᠤ ᠶᠢ ᠬᠦᠰᠡᠵᠦ ᠪᠠᠶᠢᠨ᠎ᠠ᠃ᠡᠭᠦᠨ ᠤ ᠵᠡᠷᠭᠡᠪᠡᠷ᠂ ᠥᠷᠭᠡᠨ ᠤᠯᠠᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠪᠢ ᠬᠥᠮᠥᠨ ᠤ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠡᠳᠬᠢᠯ ᠨᠢᠭᠡᠳᠦᠨ ᠬᠢᠵᠢᠭ ᠢ ᠡᠰᠡᠷᠭᠦᠴᠡᠵᠦ᠂ ᠪᠢᠳᠡᠨ ᠤ ᠬᠠᠮᠲᠤ ᠶᠢᠨ ᠭᠡᠷ ᠣᠷᠣᠨ ᠢᠶᠠᠨ ᠰᠠᠶᠢᠲᠤᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ᠃     ᠥᠷᠭᠡᠨ ᠤᠯᠠᠨ ᠰᠠᠭᠤᠭᠠᠯᠢ ᠠᠷᠠᠳ ᠤᠨ ᠣᠶᠢᠯᠠᠭᠠᠯᠲᠠ᠂ ᠳᠡᠮᠵᠢᠯᠭᠡ᠂ ᠬᠠᠮᠵᠢᠯᠴᠠᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ᠡᠮᠨᠡᠯᠭᠡ ᠶᠢᠨ ᠠᠵᠢᠯ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠲᠣᠭᠤᠷᠢᠭ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠳᠠᠭᠠᠭᠠᠴᠢᠯᠠᠨ ᠬᠤᠯᠪᠣᠭᠠᠯᠠᠬᠤ ᠨᠢᠭᠡᠴᠡ ᠵᠡᠷᠭᠡ ᠠᠵᠢᠯᠲᠠᠨ ᠤ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ︕    ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ          2022 ᠣᠨ ᠤ 11 ᠰᠠᠷ᠎ᠠ ᠶᠢᠨ 17
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号