ᠬᠤᠤᠯᠢᠩᠭᠤᠤᠯ ᠬᠤᠲᠠ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠰᠠᠳ  ᠠᠷᠭ᠎ᠠ ᠴᠢᠨᠠᠷ ᠲᠠᠢ ᠨᠢᠭᠡ ᠬᠦᠮᠦᠨ ᠰᠢᠨ᠎ᠡ ᠪᠠᠷ ᠨᠡᠮᠡᠭᠰᠡᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/17
 2022 ᠣᠨ ᠤ 11 ᠰᠠᠷ᠎ᠠ ᠶᠢᠨ 16 ᠤ ᠡᠳᠦᠷ᠂ ᠬᠤᠤᠯᠢᠩᠭᠤᠤᠯ ᠬᠤᠲᠠ ᠳᠤ ᠰᠢᠨ᠎ᠡ ᠪᠠᠷ ᠨᠢᠭᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠷᠭ᠎ᠠ ᠴᠢᠨᠠᠷ ᠲᠠᠢ ᠬᠥᠮᠥᠨ ᠢ ᠨᠡᠮᠡᠪᠡ᠂ ᠡᠨᠡ ᠪᠣᠯ ᠮᠠᠨ ᠤ ᠬᠤᠲᠠ ᠶᠢᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠲᠠᠢ ᠨᠢᠭᠲᠠ ᠣᠶᠢᠷᠠᠲᠤᠭᠰᠠᠳ ᠤᠨ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠬᠤ ᠬᠤᠭᠤᠴᠠᠭᠠᠨ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠᠷ ᠳᠡᠮᠵᠢᠨ ᠢᠯᠡᠷᠡᠭᠦᠯᠦᠭᠰᠡᠨ ᠵᠦᠢᠯ ᠮᠥᠨ᠂ ᠳᠠᠬᠢᠨ ᠬᠢᠨᠠᠭᠠᠳ ᠠᠷᠭ᠎ᠠ ᠴᠢᠨᠠᠷ ᠢᠯᠡᠷᠡᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢᠶᠠᠷ ᠣᠨᠣᠰᠢᠯᠠᠵᠠᠢ᠃ᠤᠳᠤ ᠪᠣᠳᠠᠲᠠᠢ ᠮᠡᠳᠡᠭᠡ ᠵᠠᠩᠭᠢ ᠪᠠ ᠵᠠᠮ ᠮᠥᠷ ᠢ ᠳᠣᠣᠷᠠᠬᠢ ᠮᠡᠲᠦ ᠵᠠᠷᠯᠠᠶ᠎ᠠ᠄ᠡᠪᠡᠳᠴᠢᠨ ᠤ ᠰᠢᠨᠵᠢ ᠲᠡᠮᠳᠡᠭ ᠦᠭᠡᠢ ᠬᠠᠯᠳᠠᠪᠤᠷᠢᠯᠠᠭᠰᠠᠳ 4᠄ ᠡᠷᠡᠭᠲᠡᠢ᠂ 56 ᠨᠠᠰᠤᠲᠠᠢ᠂ ᠣᠳᠣ ᠳ᠋ᠦᠩ ᠶᠠᠩ ᠶᠠ ᠵᠢᠦᠢ 14 ᠳ᠋ᠤᠭᠡᠷ ᠠᠰᠠᠷ ᠤᠨ 5 ᠳ᠋ᠤᠭᠠᠷ ᠡᠭᠦᠳᠡ ᠳᠤ ᠰᠠᠭᠤᠵᠤ ᠪᠠᠶᠢᠨ᠎ᠠ᠃11 ᠰᠠᠷ᠎ᠠ ᠶᠢᠨ 13 ᠤ ᠡᠳᠦᠷ᠄ 17 ᠴᠠᠭ   ᠠᠴᠠ 20 ᠴᠠᠭ 25 ᠮᠢᠨᠦ᠋ᠲ ᠪᠣᠯᠲᠠᠯ᠎ᠠ ᠮᠧᠩ ᠰᠠᠨ ᠤ ᠠᠮᠲᠠᠲᠤ ᠢᠳᠡᠭᠡᠨ ᠤ ᠥᠷᠥᠭᠡᠨ ᠳᠤ ᠠᠵᠢᠯᠯᠠᠵᠦ ᠪᠠᠶᠢᠪᠠ︔20 ᠴᠠᠭ 28 ᠮᠢᠨᠦ᠋ᠲ ᠲᠤ ᠮᠠᠰᠢᠨ ᠲᠡᠷᠭᠡ ᠪᠠᠷ ᠵᠢᠦᠢ ᠬᠤᠤ ᠱᠧᠩ ᠰᠢᠨ᠎ᠡ ᠰᠣᠷᠭᠤᠭ ᠢᠳᠡᠭᠡᠨ ᠤ ᠳᠡᠯᠭᠡᠭᠦᠷ ᠲᠤ ᠬᠦᠷᠴᠦ ᠪᠠᠷᠠᠭ᠎ᠠ ᠬᠤᠳᠠᠯᠳᠤᠨ ᠠᠪᠴᠤ᠂ 20 ᠴᠠᠭ 40 ᠮᠢᠨᠦ᠋ᠲ ᠲᠤ ᠵᠣᠭᠤᠰ ᠢᠶᠠᠨ ᠥᠭᠴᠦ ᠳᠡᠯᠭᠡᠭᠦᠷ ᠠᠴᠠ ᠭᠠᠷᠴᠤ᠂ ᠰᠡᠭᠦᠯᠡᠷ ᠨᠢ ᠭᠡᠷ ᠲᠡᠭᠡᠨ ᠬᠠᠷᠢᠵᠠᠢ᠂ ᠥᠭᠡᠷ᠎ᠡ ᠵᠠᠮ ᠪᠠᠶᠢᠬᠤ ᠦᠭᠡᠢ᠃11 ᠰᠠᠷ᠎ᠠ ᠶᠢᠨ 14 ᠤ ᠡᠳᠦᠷ᠄ 9 ᠴᠠᠭ 50 ᠮᠢᠨᠦ᠋ᠲ ᠲᠤ ᠮᠠᠰᠢᠨ ᠲᠡᠷᠭᠡ ᠠᠴᠠ ᠮᠧᠩ ᠰᠠᠨ ᠤ ᠠᠮᠲᠠᠲᠤ ᠢᠳᠡᠭᠡᠨ ᠤ ᠥᠷᠥᠭᠡᠨ ᠳᠤ ᠬᠦᠷᠴᠦ ᠠᠵᠢᠯᠯᠠᠪᠠ︔12 ᠴᠠᠭ 17 ᠮᠢᠨᠦ᠋ᠲ ᠲᠤ ᠶᠠᠪᠠᠭᠠᠨ ᠢᠶᠠᠷ ᠶᠢᠨ ᠲᠤᠸ ᠵᠢᠮᠢᠰ ᠤᠨ ᠳᠡᠯᠭᠡᠭᠦᠷ ᠲᠤ ᠬᠦᠷᠴᠦ ᠶᠠᠭᠤᠮ᠎ᠠ ᠬᠤᠳᠠᠯᠳᠤᠨ ᠠᠪᠤᠪᠠ︔13 ᠴᠠᠭ 30 ᠮᠢᠨᠦ᠋ᠲ ᠲᠤ ᠬᠤᠳᠠᠯᠳᠤᠭᠠᠨ ᠤ ᠬᠤᠲᠠ ᠶᠢᠨ ᠪᠠᠷᠠᠭᠤᠨ ᠡᠭᠦᠳᠡᠨ ᠤ ᠲᠣᠭᠤᠷᠢᠨ ᠦᠵᠡᠬᠦ ᠰᠢᠯᠤᠭᠤᠨ ᠱᠠᠲᠤ ︵ᠲᠠᠪᠤᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠲᠠᠯ᠎ᠠ︶ ᠳᠤ ᠰᠠᠭᠤᠵᠤ ᠬᠤᠩ ᠢᠦᠢ A ᠰᠠᠭᠤᠳᠠᠯ ᠤᠨ 4 ᠳ᠋ᠤᠭᠡᠷ ᠠᠰᠠᠷ ᠤᠨ ᠺᠣᠷᠢᠶᠠ ᠮᠠᠶ᠋ᠢᠭ ᠤᠨ ᠲᠦᠷᠭᠡᠨ ᠬᠤᠭᠤᠯᠠᠨ ᠳᠤ ᠰᠠᠭᠤᠵᠤ᠂ 13 ᠴᠠᠭ 33 ᠮᠢᠨᠦ᠋ᠲ ᠲᠤ ᠵᠣᠭᠤᠰ ᠢᠶᠠᠨ ᠲᠤᠰᠢᠶᠠᠵᠤ᠂ ᠰᠡᠭᠦᠯᠡᠷ ᠨᠢ ᠬᠤᠳᠠᠯᠳᠤᠭᠠᠨ ᠤ ᠬᠤᠲᠠ ᠶᠢᠨ ᠲᠦᠰᠢᠭᠦᠷ ᠱᠠᠲᠤ ᠪᠠᠷ ᠠᠰᠠᠷ ᠠᠴᠠ ᠪᠠᠭᠤᠪᠠ᠃ ᡽15 ᠴᠠᠭ 45 ᠮᠢᠨᠦ᠋ᠲ ᠲᠤ ᠮᠠᠰᠢᠨ ᠲᠡᠷᠭᠡ ᠠᠴᠠ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠤᠨ ᠬᠦᠷᠢᠶᠡᠨ ᠳᠤ ᠬᠦᠷᠴᠦ ᠥᠩᠭᠡᠲᠦ ᠪᠣᠯᠣᠳ ᠲᠡᠮᠦᠷ ᠤᠨ ᠥᠷᠥᠭᠡᠨ ᠤ ᠪᠥᠭᠡᠮ ᠬᠦᠴᠢᠯ ᠤᠨ ᠥᠯᠢᠭᠡᠷ ᠠᠪᠬᠤ ︵ᠥᠯᠢᠭᠡᠷ ᠠᠪᠬᠤ ᠴᠠᠭ ᠨᠢ 15 ᠴᠠᠭ 53 ᠮᠢᠨᠦ᠋ᠲ︶︔21 ᠴᠠᠭ 30 ᠮᠢᠨᠦ᠋ᠲ ᠲᠤ ᠭᠡᠷ ᠲᠡᠭᠡᠨ ᠬᠠᠷᠢᠵᠤ᠂ ᠦᠯᠡᠳᠡᠭᠰᠡᠨ ᠴᠠᠭ ᠢᠶᠠᠷ ᠢᠶᠠᠨ ᠴᠥᠮ ᠮᠧᠩ ᠰᠠᠨ ᠤ ᠠᠮᠲᠠᠲᠤ ᠢᠳᠡᠭᠡᠨ ᠤ ᠥᠷᠥᠭᠡᠨ ᠳᠤ ᠠᠵᠢᠯᠯᠠᠵᠤ᠂ ᠥᠭᠡᠷ᠎ᠡ ᠶᠠᠪᠤᠭᠰᠠᠨ ᠵᠠᠮ ᠦᠭᠡᠢ᠃    ᠳᠡᠭᠡᠷ᠎ᠡ ᠳᠤᠷᠠᠳᠤᠭᠰᠠᠨ ᠴᠠᠭ ᠬᠤᠭᠤᠴᠠᠭᠠᠨ ᠤ ᠠᠶᠠᠯᠠᠯ ᠤᠨ ᠵᠠᠮ ᠮᠥᠷ ᠲᠠᠢ ᠠᠭᠤᠯᠵᠠᠨ ᠴᠤᠭᠯᠠᠷᠠᠭᠰᠠᠨ ᠬᠥᠮᠥᠰ ᠵᠠᠷᠯᠠᠯ ᠢ ᠣᠯᠵᠤ ᠦᠵᠡᠭᠰᠡᠨ ᠤ ᠳᠠᠷᠠᠭ᠎ᠠ᠂ ᠪᠠᠶᠢᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠠᠵᠢᠯᠯᠠᠵᠤ ᠪᠠᠶᠢᠭ᠎ᠠ ᠨᠢᠭᠡᠴᠡ ᠳᠤ ᠴᠠᠭ ᠲᠤᠬᠠᠢ ᠳᠤᠨᠢ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠢ᠃   ᠥᠷᠭᠡᠨ ᠤᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠠᠯᠪᠠᠨ ᠤ ᠲᠠᠯ᠎ᠠ ᠶᠢᠨ ᠨᠡᠶᠢᠲᠡᠯᠡᠭᠰᠡᠨ ᠡᠷᠬᠡ ᠰᠦᠷᠲᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠶᠤᠵᠤ ᠰᠠᠨᠳᠤᠷᠬᠤ ᠦᠭᠡᠢ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠢ ᠢᠲᠡᠭᠡᠬᠦ ᠦᠭᠡᠢ ᠪᠠᠶᠢᠵᠤ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠦᠷᠭᠦᠯᠵᠢ ᠰᠠᠯᠬᠢ ᠨᠠᠪᠲᠠᠷᠡᠭᠦᠯᠵᠦ᠂ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠬᠤ ᠶᠢ ᠬᠦᠰᠡᠵᠦ ᠪᠠᠶᠢᠨ᠎ᠠ᠃   ᠣᠳᠣᠬᠠᠨ ᠳᠤ᠂ ᠮᠠᠨ ᠤ ᠬᠤᠲᠠ ᠶᠢᠨ ᠡᠯ᠎ᠡ ᠲᠥᠷᠥᠯ ᠤᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠤᠨ ᠨᠥᠭᠡᠴᠡ ᠭᠦᠢᠴᠡᠳ ᠪᠠᠶᠢᠨ᠎ᠠ᠂ ᠥᠷᠭᠡᠨ ᠣᠯᠠᠨ ᠰᠠᠭᠤᠭᠠᠯᠢ ᠠᠷᠠᠳ ᠪᠢᠲᠡᠭᠡᠢ ᠰᠣᠬᠤᠷ ᠪᠠᠯᠠᠢ ᠪᠠᠷ ᠵᠠᠪᠳᠤᠨ ᠬᠤᠳᠠᠯᠳᠤᠨ ᠠᠪᠴᠤ᠂ ᠡᠯ᠎ᠡ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ   ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠶᠢ ᠬᠦᠰᠡᠵᠦ ᠪᠠᠶᠢᠨ᠎ᠠ᠃          ᠬᠤᠤᠯᠢᠩᠭᠤᠤᠯ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                     2022 ᠣᠨ ᠤ 11 ᠰᠠᠷ᠎ᠠ ᠶᠢᠨ 16
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号