ᠲᠡᠷᠡ ᠨᠠᠷᠢᠨ ᠨᠢᠮᠪᠠᠢ ᠠᠷᠠᠴᠢᠯᠠᠵᠤ᠂ ᠠᠷᠠᠳ ᠲᠦᠮᠡᠨ ᠤ ᠲᠥᠯᠥᠭᠡ ᠴᠢᠩ ᠰᠡᠳᠬᠢᠯ ᠠᠴᠠ ᠪᠠᠨ ᠵᠢᠳᠬᠦᠵᠦ᠂ | ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠤᠷᠢᠬᠠᠨ ᠬᠠᠪᠤᠷ ᠤᠨ ᠰᠠᠯᠬᠢ ᠪᠣᠯᠭᠠᠨ ᠬᠤᠪᠢᠷᠠᠭᠤᠯᠵᠤ᠂ ᠭᠠᠶᠢᠯᠢ | ᠲᠤᠰᠢᠶᠠᠭᠴᠢ ᠶᠢᠨ ᠬᠦᠴᠢᠷᠳᠡᠯ ᠢ ᠰᠢᠢᠳᠪᠦᠷᠢᠯᠡᠨ ᠥᠭᠴᠦ᠂ ᠭᠠᠶᠢᠯᠢ ᠰᠦᠢᠳᠬᠡᠯ ᠤᠨ ᠦᠢᠯᠡᠴᠢᠯᠡᠭᠡ ᠶᠢ | ᠳᠥᠭᠦᠮᠴᠢᠯᠡᠬᠦ᠂ ᠣᠶᠤᠨᠴᠢᠯᠠᠬᠤ ᠵᠠᠮ ᠢᠶᠠᠷ ᠴᠢᠷᠮᠠᠶᠢᠨ ᠤᠷᠤᠭᠰᠢᠯᠠᠵᠤ᠂ ᠡᠩ ᠤᠨ ᠠᠵᠢᠯ ᠤᠨ ᠪᠠᠶᠢᠷᠢ ᠳᠡᠭᠡᠷ᠎ᠡ ᠪᠠᠨ | ᠭᠠᠶᠢᠯᠢ ᠶᠢᠨ ᠶᠠᠪᠤᠳᠠᠯ ᠤᠨ ᠠᠵᠢᠯᠲᠠᠨ ᠤ︽ᠤᠯᠤᠰ ᠤᠨ ᠲᠥᠯᠥᠭᠡ ᠡᠳ᠋ ᠮᠥᠩᠭᠦ ᠬᠤᠷᠠᠮᠳᠤᠭᠤᠯᠵᠤ᠂ ᠠᠷᠠᠳ ᠤᠨ | ᠲᠥᠯᠥᠭᠡ ᠭᠠᠶᠢᠯᠢ ᠬᠤᠷᠢᠶᠠᠬᠤ︾ᠠᠮᠠᠯᠠᠯᠲᠠ ᠪᠠᠨ ᠦᠢᠯᠡᠳᠦᠯᠭᠡᠵᠢᠭᠦᠯᠵᠦ᠂ ᠦᠭᠡ ᠶᠠᠷᠢᠶ᠎ᠠ ᠦᠢᠯᠡ | ᠠᠵᠢᠯᠯᠠᠭ᠎ᠠ ᠪᠠᠷ ᠢᠶᠠᠨ ᠭᠠᠶᠢᠯᠢ ᠶᠢᠨ ᠶᠠᠪᠤᠳᠠᠯ ᠤᠨ ᠠᠵᠢᠯᠲᠠᠨ ᠤ ᠬᠠᠷᠢᠭᠤᠴᠠᠯᠭ᠎ᠠ ᠪᠣᠯᠣᠨ ᠬᠠᠷᠢᠭᠤᠴᠠᠯᠭ᠎ᠠ ᠶᠢ | ᠠᠮᠢᠳᠤᠯᠢᠭ ᠢᠶᠠᠷ ᠲᠠᠶᠢᠯᠪᠤᠷᠢᠯᠠᠵᠤ ᠪᠠᠶᠢᠨ᠎ᠠ᠂ ᠲᠡᠷᠡ ᠪᠣᠯ ᠳᠠᠷᠤᠢ ᠬᠤᠤᠯᠢᠩᠭᠤᠤᠯ ᠬᠤᠲᠠ ᠶᠢᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠬᠠᠤᠯᠢ ᠳᠦᠷᠢᠮ ᠤᠨ ᠲᠠᠰᠤᠭ ᠤᠨ ᠳᠠᠷᠤᠭ᠎ᠠ ᠰᠢᠦᠢ ᠸᠧᠨ ᠯᠢᠶᠠᠩ ᠪᠣᠯᠣᠨ᠎ᠠ᠃ | | | | | | | 11 ᠰᠠᠷ᠎ᠠ ᠶᠢᠨ 1 ᠤ ᠡᠳᠦᠷ᠂ ᠰᠢᠦᠢ ᠸᠧᠨ ᠯᠢᠶᠠᠩ ᠤᠨ ᠡᠭᠡᠯᠵᠢᠯᠡᠨ ᠠᠵᠢᠯᠯᠠᠬᠤ ᠭᠠᠶᠢᠯᠢ ᠶᠢᠨ ᠶᠠᠪᠤᠳᠠᠯ ᠤᠨ | ᠲᠢᠩᠬᠢᠮ ᠳᠤ ᠵᠢᠵᠢᠭᠦᠷᠯᠡᠬᠦ ᠡᠳᠦᠷ ᠮᠥᠨ᠂ ᠬᠤᠤᠯᠢᠩᠭᠤᠤᠯ ᠬᠤᠲᠠ ᠶᠢᠨ ᠠᠨ ᠵᠢᠦᠢ ᠭᠡᠷ ᠬᠥᠷᠥᠩᠭᠡ ᠶᠢᠨ ᠬᠡᠮᠵᠢᠨ | ᠵᠢᠷᠤᠬᠤ ᠬᠢᠵᠠᠭᠠᠷᠲᠤ ᠺᠣᠮᠫᠠᠨᠢ ᠶᠢᠨ ᠠᠵᠢᠯᠲᠠᠨ ᠬᠤᠭᠤᠴᠠᠭ᠎ᠠ ᠬᠡᠲᠦᠷᠡᠭᠦᠯᠦᠨ ᠮᠡᠳᠡᠭᠦᠯᠬᠦ ᠲᠤᠬᠠᠶᠢᠯᠠᠭᠰᠠᠨ ᠠᠵᠢᠯ ᠢ | ᠭᠦᠢᠴᠡᠳᠬᠡᠬᠦ ᠪᠠᠷ ᠢᠷᠡᠭᠰᠡᠨ ᠳᠤ᠂ ᠰᠢᠦᠢ ᠸᠧᠨ ᠯᠢᠶᠠᠩ ᠲᠡᠷᠡ ᠳᠠᠷᠤᠢ ᠳᠤᠨᠢ ᠲᠡᠭᠦᠨ ᠠᠴᠠ ᠪᠠᠶᠢᠳᠠᠯ ᠢ | ᠣᠶᠢᠯᠠᠭᠠᠵᠤ᠂ ᠮᠠᠲ᠋ᠧᠷᠢᠶᠠᠯ ᠢ ᠨᠠᠷᠢᠨ ᠬᠢᠨᠠᠮᠠᠭᠠᠢ ᠬᠠᠷᠭᠤᠭᠤᠯᠤᠨ ᠪᠠᠶᠢᠴᠠᠭᠠᠵᠤ᠂ ᠲᠣᠰ ᠺᠣᠮᠫᠠᠨᠢ ᠶᠢᠨ ᠬᠤᠭᠤᠴᠠᠭ᠎ᠠ | ᠬᠡᠲᠦᠷᠡᠲᠡᠯ᠎ᠡ ᠮᠡᠳᠡᠭᠦᠯᠦᠭᠰᠡᠨ ᠦᠭᠡᠢ ᠦᠶᠯᠡ ᠠᠵᠢᠯᠯᠠᠭ᠎ᠠ ᠶᠢᠨ ᠦᠶᠯᠡ ᠪᠠᠶᠢᠳᠠᠯ ᠨᠢ ᠬᠥᠩᠭᠡᠨ ᠪᠠᠶᠢᠬᠤ ᠶᠢ | ᠣᠶᠢᠯᠠᠭᠠᠭᠰᠠᠨ ᠪᠣᠯᠬᠤᠷ ᠶᠡᠷᠦᠩᠬᠡᠢ ᠲᠣᠪᠴᠢᠶ᠎ᠠ ᠶᠢᠨ ᠠᠯᠪᠠᠨ ᠵᠠᠷ ᠢ ᠬᠡᠷᠡᠭᠯᠡᠵᠦ᠂ ᠵᠠᠰᠠᠭ ᠵᠠᠬᠢᠷᠭᠠᠨ ᠤ ᠰᠢᠢᠳᠭᠡᠯ | ᠥᠭᠬᠦ ᠦᠭᠡᠢ ᠪᠠᠶᠢᠵᠤ ᠪᠣᠯᠣᠨ᠎ᠠ᠂ ᠲᠡᠭᠦᠨ ᠢ ᠵᠢᠭᠠᠨ ᠵᠢᠯᠤᠭᠤᠳᠴᠤ ᠪᠠᠶᠢᠭᠠᠳ ᠭᠠᠶᠢᠯᠢ ᠲᠤᠰᠢᠶᠠᠬᠤ | ᠮᠡᠳᠡᠭᠦᠯᠦᠯᠲᠡ ᠶᠢ ᠨᠥᠬᠦᠵᠦ ᠬᠢᠯᠭᠡᠵᠡᠢ᠃ | | | |
| ︽ᠮᠠᠨ ᠤ ᠺᠣᠮᠫᠠᠨᠢ ᠣᠷᠴᠢᠮᠬᠠᠨ ᠳᠤ ᠤᠴᠢᠷ ᠶᠠᠪᠤᠳᠠᠯ ᠣᠯᠠᠨ ᠪᠣᠯᠵᠤ᠂ ᠭᠠᠶᠢᠯᠢ ᠶᠢᠨ ᠵᠣᠭᠤᠰ ᠢᠶᠠᠨ
| ᠮᠡᠳᠡᠭᠦᠯᠬᠦ ᠪᠠᠨ ᠮᠠᠷᠲᠠᠴᠢᠬᠠᠵᠠᠢ᠂ ᠮᠢᠨᠤ ᠬᠠᠮᠤᠭ ᠠᠴᠠ ᠰᠠᠨᠠᠭ᠎ᠠ ᠵᠣᠪᠠᠵᠤ ᠪᠠᠶᠢᠭ᠎ᠠ ᠨᠢ ᠰᠢᠢᠳᠬᠡᠯ ᠥᠭᠬᠦ ᠪᠠᠷ
| ᠪᠠᠷᠠᠬᠤ ᠦᠭᠡᠢ᠂ ᠪᠠᠰᠠ ᠮᠠᠨ ᠤ ᠭᠠᠶᠢᠯᠢ ᠲᠤᠰᠢᠶᠠᠬᠤ ᠢᠲᠡᠭᠡᠮᠵᠢ ᠶᠢ ᠨᠥᠯᠥᠭᠡᠯᠡᠬᠦ ᠳᠤ ᠣᠷᠣᠰᠢᠨ᠎ᠠ᠂ ᠣᠳᠣ ᠰᠢᠦᠢ
| ᠲᠠᠰᠤᠭ ᠤᠨ ᠳᠠᠷᠤᠭ᠎ᠠ ᠶᠢᠨ ᠬᠠᠪᠰᠤᠷᠤᠯᠭ᠎ᠠ ᠪᠠᠷ ᠰᠠᠶ᠋ᠢ ᠮᠢᠨᠤ ᠡᠨᠡ ᠬᠦ ᠪᠠᠶᠢᠳᠠᠯ ᠪᠣᠯ ︿ᠲᠦᠷᠦᠭᠦᠦ ᠵᠥᠷᠢᠴᠡᠪᠡᠯ
| ᠥᠯᠥ ᠶᠠᠯᠠᠯᠠᠬᠤ﹀ ᠶᠠᠪᠤᠳᠠᠯ ᠮᠥᠨ ᠭᠡᠳᠡᠭ ᠢ ᠮᠡᠳᠡᠵᠦ᠂ ᠮᠢᠨᠤ ᠰᠡᠳᠬᠢᠯ ᠢ ᠠᠮᠤᠷᠵᠢᠭᠤᠯᠬᠤ ᠡᠮ﹀ ᠢ
| ᠢᠳᠡᠭᠦᠯᠵᠡᠢ︾᠃ ᠬᠤᠤᠯᠢᠩᠭᠤᠤᠯ ᠬᠤᠲᠠ ᠶᠢᠨ ᠠᠨ ᠵᠢᠦᠢ ᠭᠡᠷ ᠬᠥᠷᠥᠩᠭᠡ ᠶᠢᠨ ᠬᠡᠮᠵᠢᠨ ᠵᠢᠷᠤᠬᠤ ᠬᠢᠵᠠᠭᠠᠷᠲᠤ
| ᠺᠣᠮᠫᠠᠨᠢ ᠶᠢᠨ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠮᠧᠩ ᠳ᠋ᠧ ᠶᠸᠦ ᠬᠡᠯᠡᠬᠦ ᠳᠡᠭᠡᠨ᠂ ︽ᠡᠩ ᠤᠨ ᠦᠶ᠎ᠡ ᠳᠤ
| ᠮᠠᠨ ᠤ ᠺᠣᠮᠫᠠᠨᠢ ᠶᠢᠨ ᠡᠳ᠋ ᠤᠨ ᠶᠠᠪᠤᠳᠠᠯ ᠤᠨ ᠠᠵᠢᠯᠲᠠᠳ ᠴᠥᠮ ᠲᠡᠭᠦᠨ ᠲᠠᠢ ᠬᠠᠷᠢᠯᠴᠠᠬᠤ ᠳᠤᠷᠠᠲᠠᠢ ᠪᠠᠶᠢᠳᠠᠭ᠂
| ᠲᠡᠷᠡ ᠬᠡᠵᠢᠶᠡᠳᠡ ᠢᠨᠢᠶᠡᠮᠰᠦᠭᠯᠡᠨ ᠪᠢᠳᠡᠨ ᠳᠤ ᠠᠷᠭ᠎ᠠ ᠪᠤᠳᠤᠵᠤ᠂ ᠪᠢᠳᠡᠨ ᠳᠤ ᠮᠠᠰᠢ ᠣᠯᠠᠨ ᠦᠨᠡᠨ ᠪᠣᠳᠠᠲᠠᠢ
| ᠬᠦᠴᠢᠷ ᠠᠰᠠᠭᠤᠳᠠᠯ ᠢ ᠰᠢᠢᠳᠪᠦᠷᠢᠯᠡᠵᠦ ᠥᠭᠲᠡᠭ᠂ ᠪᠢᠳᠡ ᠲᠡᠭᠦᠨ ᠳᠤ ᠮᠠᠰᠢ ᠲᠠᠯᠠᠷᠬᠠᠵᠤ ᠪᠠᠶᠢᠨ᠎ᠠ︾ ᠭᠡᠵᠡᠢ᠃
| ᠡᠶᠢᠮᠦ ᠪᠠᠶᠢᠳᠠᠯ ᠨᠢ ᠬᠤᠷᠢᠨ ᠭᠤᠷᠪᠠᠨ ᠵᠢᠯ ᠠᠵᠢᠯᠯᠠᠭᠰᠠᠨ ᠰᠢᠦᠢ ᠸᠧᠨ ᠯᠢᠶᠠᠩ ᠳᠤ ᠠᠪᠴᠤ ᠬᠡᠯᠡᠪᠡᠯ
| ᠶᠡᠷᠦᠳᠡ ᠶᠢᠨ ᠬᠡᠷᠡᠭ ᠪᠣᠯᠵᠠᠢ᠃
| ᠡᠨᠡ ᠬᠤᠷᠢᠨ ᠭᠤᠷᠪᠠᠨ ᠵᠢᠯ ᠳᠤ ᠲᠡᠷᠡ ︽ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ ᠪᠠᠶᠢᠭᠰᠠᠨ ᠢ ᠥᠷᠲᠡᠭ
| ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠨ ᠥᠭᠡᠷᠡᠴᠢᠯᠡᠬᠦ︾᠂ ᠤᠯᠤᠰ ᠤᠨ ᠭᠠᠶᠢᠯᠢ ᠪᠠ ᠣᠷᠣᠨ ᠨᠤᠲᠤᠭ ᠤᠨ
| ᠭᠠᠶᠢᠯᠢ ᠶᠢᠨ ᠲᠠᠲᠠᠪᠤᠷᠢᠯᠠᠨ ᠬᠠᠮᠢᠶᠠᠷᠬᠤ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠠᠯᠢ ᠣᠯᠠᠨ ᠥᠭᠡᠷᠡᠴᠢᠯᠡᠯᠲᠡ
| ᠶᠢ ᠥᠩᠭᠡᠷᠡᠭᠡᠭᠰᠡᠨ ᠪᠣᠯᠪᠠᠴᠤ ᠭᠠᠶᠢᠯᠢ ᠲᠤᠰᠢᠶᠠᠭᠴᠢ ᠳᠤ ᠦᠢᠯᠡᠴᠢᠯᠡᠬᠦ ᠣᠶᠢᠯᠠᠭᠠᠭᠳᠠᠬᠤᠨ ᠨᠢ ᠲᠡᠭᠦᠨ ᠤ
| ᠰᠡᠳᠬᠢᠯ ᠳᠤ ᠭᠦᠨ ᠬᠠᠳᠠᠩᠰᠢᠵᠠᠢ᠂ ᠠᠯᠢ ᠠᠵᠢᠯ ᠤᠨ ᠪᠠᠶᠢᠷᠢ᠂ ᠦᠢᠯᠡᠴᠢᠯᠡᠭᠡᠨ ᠤ ᠴᠣᠩᠬᠤ᠂ ᠲᠠᠲᠠᠪᠤᠷᠢᠯᠠᠨ
| ᠬᠠᠮᠢᠶᠠᠷᠬᠤ ᠨᠢᠭᠡᠳᠦᠭᠡᠷ ᠹᠷᠣᠨᠲ ᠲᠤ ᠪᠠᠶᠢᠭᠰᠠᠨ ᠴᠤ ᠲᠡᠷᠡ᠂ ᠬᠠᠮᠢᠶᠠᠷᠤᠯᠲᠠ ᠶᠢᠨ ᠠᠵᠢᠯ ᠤᠨ ᠪᠠᠶᠢᠷᠢ᠂ ᠬᠠᠤᠯᠢ
| ᠳᠦᠷᠢᠮ ᠤᠨ ᠰᠠᠯᠠᠭ᠎ᠠ ᠮᠥᠴᠢᠷ ᠲᠤ ᠪᠠᠶᠢᠭᠰᠠᠨ ᠴᠤ ᠲᠡᠷᠡ᠂ ᠲᠡᠭᠦᠨ ᠤ ᠭᠠᠶᠢᠯᠢ ᠶᠢᠨ ᠶᠠᠪᠤᠳᠠᠯ ᠤᠨ ᠠᠵᠢᠯᠲᠠᠨ
| ᠪᠣᠯᠤᠭᠰᠠᠨ ᠤ ᠬᠤᠪᠢ ᠳᠠᠬᠢ ᠤᠭ ᠰᠠᠨᠠᠭ᠎ᠠ ᠪᠠ ᠬᠠᠶᠢᠷ᠎ᠠ ᠰᠡᠳᠬᠢᠯᠭᠡ ᠨᠢ ᠬᠤᠪᠢᠷᠠᠬᠤ ᠦᠭᠡᠢ ᠶᠤᠮ᠃
|
|
| |
| ︽ᠣᠳᠣᠬᠠᠨ ᠤ ᠭᠠᠶᠢᠯᠢ ᠲᠠᠲᠠᠪᠤᠷᠢ ᠶᠢᠨ ᠠᠵᠢᠯ ᠨᠡᠩ ᠳᠥᠭᠦᠮ ᠪᠣᠯᠵᠠᠢ᠂ ᠥᠩᠭᠡᠷᠡᠭᠰᠡᠨ ᠳᠤ ᠳᠤᠭᠤᠢ
| ᠤᠨᠤᠵᠤ ᠵᠠᠬ᠎ᠠ ᠳᠡᠯᠭᠡᠭᠦᠷ ᠲᠤ ᠬᠦᠷᠴᠦ ᠡᠷᠦᠬᠡ ᠳᠠᠷᠠᠭᠠᠯᠠᠨ ᠭᠠᠶᠢᠯᠢ ᠬᠤᠷᠢᠶᠠᠵᠤ ᠪᠠᠶᠢᠵᠠᠢ᠂ ᠲᠠᠷᠢᠶᠠᠯᠠᠩ ᠤᠨ
| ᠭᠠᠶᠢᠯᠢ ᠶᠢ ᠬᠦᠴᠦᠨ ᠦᠭᠡᠢ ᠪᠣᠯᠭᠠᠬᠤ ᠠᠴᠠ ᠡᠮᠦᠨ᠎ᠡ᠂ ᠮᠠᠨ ᠤ ᠬᠡᠳᠦᠨ ᠳᠤᠭᠤᠶᠢᠯᠠᠩ ᠡᠪᠦᠯ ᠭᠠᠴᠠᠭ᠎ᠠ
| ᠲᠣᠰᠬᠤᠨ ᠳᠤ ᠣᠷᠣᠵᠤ ᠰᠠᠭᠤᠭᠠᠳ᠂ ᠲᠣᠰᠬᠤᠨ ᠤ ᠺᠠᠳ᠋ᠷᠴᠤᠳ ᠤᠨ ᠪᠠᠷ᠎ᠠ ᠪᠣᠯᠣᠯᠭ᠎ᠠ ᠲᠠᠢ ᠪᠠᠷ ᠲᠠᠷᠢᠶᠠᠯᠠᠩ ᠤᠨ
| ᠭᠠᠶᠢᠯᠢ ᠶᠢᠨ ᠪᠢᠯᠧᠲ ᠢᠶᠠᠨ ᠠᠪᠴᠤ ᠴᠠᠭᠠᠨ ᠴᠠᠰᠤᠨ ᠳᠤ ᠣᠷᠣᠵᠤ ᠡᠷᠦᠬᠡ ᠳᠠᠷᠠᠭᠠᠯᠠᠨ ᠲᠤᠬᠠᠢ ᠶᠢᠨ ᠲᠠᠯᠠᠪᠠᠶ
| ᠠᠴᠠ ᠭᠠᠶᠢᠯᠢ ᠲᠠᠲᠠᠪᠤᠷᠢᠯᠠᠵᠤ᠂ ᠲᠤᠬᠠᠢ ᠶᠢᠨ ᠲᠠᠯᠠᠪᠠᠶ ᠠᠴᠠ ᠪᠠᠷᠢᠮᠲᠠ ᠪᠢᠴᠢᠵᠦ ᠥᠭᠲᠡᠭ ᠨᠢ ᠲᠣᠩ
| ᠵᠦᠳᠡᠷᠡᠯᠲᠡᠢ ᠶᠤᠮ︾᠃ ᠥᠩᠭᠡᠷᠡᠭᠰᠡᠨ ᠤ ᠠᠵᠢᠯ ᠤᠨ ᠥᠩᠭᠡᠷᠡᠯᠲᠡ ᠪᠠᠨ ᠶᠠᠷᠢᠬᠤ ᠳᠤ᠂ ᠰᠢᠦᠢ ᠸᠧᠨ ᠯᠢᠶᠠᠩ᠄ ︽
| ᠣᠲᠣ᠂ ᠡᠯᠧᠺᠲᠷᠣᠨ ᠭᠠᠶᠢᠯᠢ ᠲᠠᠲᠠᠪᠤᠷᠢ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠳᠡᠮᠵᠢᠨ᠂
| ᠨᠢᠭᠡ ᠭᠠᠷ ᠤᠲᠠᠰᠤ᠂ ᠨᠢᠭᠡ ᠺᠣᠮᠫᠢᠦ᠋ᠲ᠋ᠧᠷ ᠢ ᠭᠡᠷ ᠠᠴᠠ ᠪᠠᠨ ᠭᠠᠷᠭᠠᠬᠤ ᠦᠭᠡᠢ ᠪᠠᠷ ᠭᠠᠶᠢᠯᠢ ᠶᠢᠨ ᠵᠣᠭᠤᠰ ᠢᠶᠠᠨ
| ᠲᠤᠰᠢᠶᠠᠬᠤ ᠪᠠᠷ ᠮᠡᠳᠡᠭᠦᠯᠵᠦ ᠪᠣᠯᠣᠨ᠎ᠠ᠃ ᠲᠡᠷᠡᠴᠢᠯᠡᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ
| ᠪᠣᠳᠣᠯᠭ᠎ᠠ ᠶᠢ ᠣᠯᠬᠤ ᠠᠷᠭ᠎ᠠ ᠵᠠᠮ ᠨᠢ ᠨᠠᠩ ᠣᠯᠠᠨ ᠶᠠᠩᠵᠤ ᠶᠢᠨ ᠪᠠᠶᠢᠳᠠᠭ᠂ ᠵᠢᠱᠢᠶᠡᠯᠡᠪᠡᠯ ᠸᠢᠴᠠᠲ ᠤᠨ ᠣᠯᠠᠨ
| ᠨᠡᠶᠢᠲᠡ ᠶᠢᠨ ᠳ᠋ᠤᠭᠠᠷ᠂ ᠭᠠᠶᠢᠯᠢ ᠪᠠ ᠠᠵᠤ ᠠᠬᠤᠶᠢᠯᠠᠯ ᠤᠨ ᠰᠣᠯᠢᠯᠴᠠᠭᠠᠨ ᠤ ᠪᠦᠯᠦᠭ᠂ ᠬᠤᠶᠠᠷ ᠬᠡᠮᠵᠢᠯᠲᠦ ᠺᠣᠳ᠋
| ᠬᠦᠷᠭᠡᠬᠦ ᠵᠡᠷᠭᠡ ᠨᠢ ᠴᠥᠷᠬᠡᠯᠡᠭᠡ ᠶᠢ ᠨᠡᠭᠡᠭᠡᠬᠦ ᠪᠤᠶᠤ ᠬᠤᠶᠠᠷ ᠬᠡᠮᠵᠢᠯᠲᠦ ᠺᠣᠳ᠋ ᠢ ᠰᠢᠷᠪᠢᠪᠡᠯ ᠳᠠᠷᠤᠢ ᠭᠠᠶᠢᠯᠢ
| ᠲᠠᠲᠠᠪᠤᠷᠢ ᠶᠢᠨ ᠬᠠᠮᠤᠭ ᠤᠨ ᠰᠢᠨ᠎ᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠥᠬᠦᠮ ᠲᠦᠷᠭᠡᠨ ᠣᠨᠣᠪᠴᠢᠲᠠᠶ
| ᠡᠵᠡᠮᠰᠢᠵᠦ ᠪᠣᠯᠣᠨ᠎ᠠ︾ ᠭᠡᠵᠡᠢ᠃
| ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠭᠠᠶᠢᠯᠢ
| ᠲᠠᠲᠠᠪᠤᠷᠢ ᠶᠢᠨ ᠡᠵᠡᠩᠨᠡᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂
| ᠡᠨᠡ ᠵᠢᠯ ᠠᠴᠠ ᠨᠠᠰᠢ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠤᠯᠪᠣᠭᠳᠠᠯ ᠪᠦᠬᠦᠢ ᠭᠠᠶᠢᠯᠢ
| ᠲᠠᠲᠠᠪᠤᠷᠢ ᠶᠢᠨ ᠲᠤᠬᠠᠶᠢᠯᠠᠭᠰᠠᠨ ᠠᠵᠢᠯ ᠤᠨ ᠵᠢᠵᠢᠭ ᠪᠦᠯᠬᠦᠮ ᠢ ᠪᠠᠶᠢᠭᠤᠯᠪᠠ᠂ ᠡᠭᠦᠨ ᠳᠤ ᠬᠠᠤᠯᠢ ᠳᠦᠷᠢᠮ ᠤᠨ
| ᠵᠢᠵᠢᠭ ᠪᠦᠯᠬᠦᠮ ᠤᠨ ᠬᠠᠷᠢᠭᠤᠴᠠᠯᠭᠠᠲᠠᠨ ᠪᠣᠯ ᠰᠢᠦᠢ ᠸᠧᠨ ᠯᠢᠶᠠᠩ ᠪᠣᠯᠣᠨ᠎ᠠ᠃ᠬᠠᠤᠯᠢ ᠳᠦᠷᠢᠮ ᠤᠨ ᠵᠢᠵᠢᠭ
| ᠪᠦᠯᠬᠦᠮ ᠪᠠᠶᠢᠭᠤᠯᠤᠭᠳᠠᠭᠰᠠᠨ ᠤ ᠳᠠᠷᠠᠭ᠎ᠠ᠂ ᠲᠡᠷᠡ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢ ᠢᠳᠡᠪᠬᠢᠲᠡᠢ
| ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠡᠳ᠋ᠯᠡᠵᠦ ᠳᠡᠶᠢᠯᠬᠦ ᠭᠠᠶᠢᠯᠢ ᠲᠠᠲᠠᠪᠤᠷᠢ ᠶᠢᠨ
| ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠵᠠᠳᠠᠯᠤᠨ ᠲᠠᠶᠢᠯᠪᠤᠷᠢᠯᠠᠵᠤ᠂ ᠠᠷᠭ᠎ᠠ ᠪᠣᠳᠣᠯᠭ᠎ᠠ
| ᠬᠡᠷᠡᠭᠵᠢᠭᠦᠯᠦᠨ᠂ ᠨᠠᠷᠢᠯᠢᠭ ᠣᠨᠣᠴᠠᠲᠠᠢ ᠪᠠᠷ ᠬᠠᠪᠰᠤᠷᠤᠨ ᠵᠢᠯᠤᠭᠤᠳᠴᠤ᠂ ᠭᠠᠶᠢᠯᠢ ᠲᠤᠰᠢᠶᠠᠭᠴᠢ ᠵᠢᠴᠢ ᠰᠦᠢᠳᠬᠡᠯ
| ᠲᠤᠰᠢᠶᠠᠭᠴᠢ ᠶᠢᠨ ᠬᠠᠨᠤᠮᠵᠢᠲᠠᠶ ᠪᠠᠶᠢᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠡᠷᠡᠭᠴᠡᠭᠡ ᠲᠠᠢ ᠠᠵᠤ
| ᠠᠬᠤᠶᠢᠯᠠᠯ ᠢ ︽ᠵᠣᠷ ᠶᠣᠰᠣᠭᠠᠷ ᠡᠮ ᠠᠳᠬᠤᠬᠤ︾ ᠪᠣᠯᠭᠠᠵᠠᠢ᠃
| ︽ᠭᠠᠶᠢᠯᠢ ᠲᠠᠲᠠᠪᠤᠷᠢ ᠶᠢ ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ
| ᠰᠢᠯᠢᠳᠡᠭᠵᠢᠭᠦᠯᠬᠦ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠵᠢᠵᠢᠭ ᠪᠦᠯᠬᠦᠮ ᠤᠨ ᠬᠠᠷᠢᠭᠤᠴᠠᠯᠭᠠᠲᠠᠨ
| ᠪᠣᠯᠤᠭᠰᠠᠨ ᠤ ᠬᠤᠪᠢ ᠳᠤ᠂ ᠲᠠᠷᠠᠭᠠᠴᠢ ᠶᠢᠨ ᠠᠯᠬᠤᠮ ᠳᠤ᠂ ᠪᠢᠳᠡ ︿ᠭᠤᠷᠪᠠᠨ ᠵᠦᠢᠯ ᠤᠨ ᠳᠦᠷᠢᠮ﹀ ᠢᠶᠠᠷ
| ᠭᠠᠷᠳᠠᠴᠠ ᠪᠣᠯᠭᠠᠵᠤ᠂ ᠬᠠᠤᠯᠢ ᠪᠠᠷ ᠵᠠᠰᠠᠬᠤ ᠰᠡᠳᠬᠢᠬᠦᠢ ᠶᠢ ᠪᠠᠲᠤ ᠪᠣᠶ ᠪᠣᠯᠭᠠᠨ ᠬᠠᠤᠯᠢ ᠬᠡᠷᠡᠭᠵᠢᠭᠦᠯᠬᠦ ᠶᠠᠰᠤ
| ᠴᠢᠨᠠᠷ ᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ
| ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ
| ᠪᠠᠲᠤᠯᠠᠵᠤ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ
| ᠬᠦ ᠬᠠᠮᠠᠭᠠᠯᠠᠵᠤ᠂ ᠭᠠᠶᠢᠯᠢ ᠲᠠᠲᠠᠪᠤᠷᠢ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ
| ᠬᠦᠴᠦᠨ ᠴᠢᠳᠠᠯ ᠢᠶᠠᠨ ᠡᠷᠭᠦᠨ᠎ᠡ︾ ᠭᠡᠵᠦ ᠰᠢᠦᠢ ᠸᠧᠨ ᠯᠢᠶᠠᠩ ᠰᠤᠷᠪᠤᠯᠵᠢᠯᠠᠭᠴᠢ ᠳᠤ ᠬᠡᠯᠡᠪᠡ᠃
|
|
|