ᠾᠦᠸᠧ ᠮᠧᠶ ᠪᠦᠯᠦᠭᠯᠡᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/11/2
    ᠣᠶᠢᠷ᠎ᠠ ᠶᠢᠨ ᠡᠳᠦᠷ᠂  ᠾᠦᠸᠧ ᠮᠧᠢ ᠪᠦᠯᠦᠭᠯᠡᠯ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠳᠠ ᠶᠢᠨ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠯᠦᠭᠯᠡᠯ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ  ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃

    ᠬᠤᠷᠠᠯ ᠠᠴᠠ᠂ ᠪᠦᠯᠦᠭᠯᠡᠯ ᠳᠤ ᠬᠠᠷᠢᠶᠠᠯᠠᠭᠳᠠᠬᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ᠂ ᠰᠠᠶᠢᠲᠤᠷ ᠤᠬᠠᠭᠤᠯᠬᠤ᠂ ᠰᠠᠶᠢᠲᠤᠷ

ᠲᠤᠭᠤᠰᠢᠯᠠᠭᠤᠯᠬᠤ  ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ

ᠲᠦᠷᠦ ᠶᠢᠨ ᠡᠭᠦᠷᠭᠡ ᠪᠣᠯᠭᠠᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ

ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ᠨᠠᠮ ᠤᠨ

ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂︽ᠬᠠᠳᠠᠭᠠᠰᠤ ᠬᠠᠳᠠᠬᠤ︾ᠵᠣᠷᠢᠭ

ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠲᠡᠮᠡᠴᠡᠬᠦ ᠵᠣᠷᠢᠭ ᠰᠠᠨᠠᠭ᠎ᠠ ᠪᠣᠯᠣᠨ ᠴᠢᠳᠠᠮᠠᠭᠠᠢ ᠪᠠᠷ ᠲᠡᠮᠡᠴᠡᠬᠦ ᠵᠣᠷᠢᠭ

ᠰᠠᠨᠠᠭ᠎ᠠ ᠶᠢ ᠪᠠᠳᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠨᠡᠭᠦᠷᠡᠰᠦᠨ ᠤ ᠲᠥᠰᠥᠯ᠂ ᠨᠡᠭᠦᠷᠡᠰᠦᠨ ᠤ ᠤᠶᠤᠨ

ᠤᠬᠠᠭᠠᠨ ᠪᠣᠯᠣᠨ ᠨᠡᠭᠦᠷᠡᠰᠦᠨ ᠤ ᠬᠦᠴᠦᠨ ᠢᠶᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂

ᠬᠦᠴᠦᠷᠬᠡᠭᠵᠢᠨ ᠰᠢᠯᠢᠳᠡᠭᠵᠢᠵᠦ ᠲᠣᠮᠣ ᠠᠵᠤ ᠠᠬᠤᠶᠢᠯᠠᠯ ᠪᠣᠯᠬᠤ ᠬᠡᠷᠡᠭᠲᠡᠢ ᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号