ᠬᠤᠤᠯᠢᠩᠭᠤᠤᠯ ᠬᠤᠲᠠ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ︽ᠬᠠᠷ᠎ᠠ ᠲᠡᠷᠭᠡ︾ ᠶᠢ ᠬᠡᠷᠡᠭᠯᠡᠭᠡᠨ ᠠᠴᠠ ᠭᠠᠷᠭᠠᠭᠰᠠᠨ ᠪᠠᠶᠢᠳᠠᠯ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2022/11/2
    ᠮᠠᠨ ᠤ ᠤᠯᠤᠰ ᠤᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠭᠦᠷᠭᠡ ᠭᠦᠢᠴᠡᠳᠬᠡᠬᠦ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠨᠢᠭᠡ ᠪᠦᠯᠦᠭ ᠲᠡᠷᠭᠡ ᠶᠢ ᠪᠠᠶᠢᠴᠠᠭᠠᠨ ᠬᠤᠷᠢᠶᠠᠵᠤ᠂ ᠲᠡᠷᠭᠡᠨ ᠤ ᠡᠵᠡᠨ ᠢ ᠬᠤᠶᠠᠷ ᠵᠢᠯ ᠥᠩᠭᠡᠷᠡᠭᠡᠳ ᠢᠷᠡᠭᠡᠳᠦᠢ ᠶᠢᠨ ᠶᠡᠭᠡ ᠠᠩᠭᠢ ᠶᠢᠨ ᠬᠢᠨ ᠰᠢᠢᠳᠪᠦᠷᠢᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ  ᠶᠢ ᠬᠡᠷᠡᠭᠵᠢᠭᠦᠯᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠦᠨᠳᠦᠰᠦᠯᠡᠨ᠂ ᠡᠳᠦᠭᠡ ᠲᠡᠷᠭᠡ ᠬᠥᠰᠬᠡ  ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠳᠣᠣᠷᠠᠬᠢ ᠮᠡᠲᠦ ᠵᠠᠷᠯᠠᠶ᠎ᠠ᠂ ᠲᠡᠷᠭᠡ ᠬᠥᠰᠬᠡ ᠶᠢᠨ ᠵᠢᠯᠣᠭᠤᠴᠢ ᠪᠤᠶᠤ ᠥᠮᠴᠢᠯᠡᠭᠴᠢ᠂ ᠬᠠᠮᠢᠶᠠᠷᠤᠭᠴᠢ ᠲᠡᠷᠭᠡ ᠬᠥᠰᠬᠡ ᠶᠢᠨ ᠬᠠᠤᠯᠢ ᠶᠣᠰᠣᠨ ᠤ ᠭᠡᠷᠡᠴᠢ  ᠢ ᠳᠠᠷᠤᠶᠢᠬᠠᠨ ᠠᠪᠴᠤ᠂ ᠬᠤᠤᠯᠢᠩᠭᠤᠤᠯ ᠬᠤᠳᠠ  ᠶᠢᠨ ᠵᠠᠮ ᠬᠠᠷᠢᠯᠴᠠᠭ᠎ᠠ ᠲᠡᠭᠡᠭᠡᠪᠦᠷᠢ  ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠤ ᠬᠦᠷᠴᠦ ᠰᠢᠢᠳᠪᠦᠷᠢᠯᠡᠭᠦᠯᠬᠦ ᠶᠢ ᠬᠦᠯᠢᠶᠡᠭᠡᠷᠡᠢ᠃ ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠣᠲᠣᠷ᠎ᠠ ᠮᠥᠨ ᠰᠢᠢᠳᠪᠦᠷᠢᠯᠡᠬᠦ ᠶᠢ ᠬᠦᠯᠢᠶᠡᠬᠦ ᠦᠭᠡᠢ ᠪᠠᠶᠢᠪᠠᠯ᠂  ᠬᠤᠤᠯᠢᠩᠭᠤᠤᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠮᠠᠰᠢᠨᠲᠤ ᠲᠡᠷᠭᠡ ᠶᠢ ᠬᠠᠤᠯᠢ ᠶᠣᠰᠣᠭᠠᠷ ᠤᠰᠠᠳᠬᠠᠵᠤ᠂ ᠣᠯᠣᠭᠰᠠᠨ ᠦᠨ᠎ᠡ ᠶᠢᠨ ᠵᠣᠭᠤᠰ ᠢ ᠤᠯᠤᠰ ᠤᠨ ᠬᠥᠮᠥᠷᠭᠡ ᠳᠤ ᠲᠤᠰᠢᠶᠠᠨ᠎ᠠ︔ᠬᠠᠤᠯᠢ ᠪᠤᠰᠤ ᠪᠠᠷ ᠨᠡᠶᠢᠯᠡᠭᠦᠯᠵᠦ ᠤᠭᠰᠠᠷᠠᠭᠰᠠᠨ ᠮᠠᠰᠢᠨᠲᠤ ᠲᠡᠷᠭᠡ ᠶᠢ ᠨᠤᠷᠠᠭᠠᠨ᠎ᠠ᠂ ᠬᠡᠷᠡᠭᠴᠡᠭᠡ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠮᠠᠰᠢᠨᠲᠤ ᠲᠡᠷᠭᠡ ᠶᠢ ᠬᠡᠷᠡᠭᠴᠡᠭᠡ ᠠᠴᠠ ᠭᠠᠷᠭᠠᠨ᠎ᠠ︔ ᠮᠠᠰᠢᠨᠲᠤ ᠲᠡᠷᠭᠡ ᠨᠢ ᠬᠠᠤᠯᠢ ᠶᠢ ᠵᠥᠷᠢᠴᠡᠭᠰᠡᠨ ᠪᠤᠰᠤᠳ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃    ᠲᠣᠳᠣᠷᠬᠠᠶᠢᠯᠠᠯᠲᠠ᠄ ᠲᠡᠷᠭᠡ ᠶᠢ ᠲᠦᠷ ᠴᠠᠭ ᠦᠯᠡᠳᠡᠭᠡᠵᠦ ᠠᠪᠤᠭᠰᠠᠨ ᠴᠠᠭ ᠨᠢ ᠨᠡᠯᠢᠶᠡᠳ ᠤᠷᠲᠤ ᠪᠥᠭᠡᠳ ᠭᠡᠷ ᠤᠨ ᠭᠠᠳᠠᠨ᠎ᠠ ᠵᠣᠭᠰᠣᠭᠠᠵᠤ᠂ ᠬᠡᠰᠡᠭ ᠲᠡᠷᠭᠡ ᠶᠢ ᠢᠯᠭᠠᠨ ᠲᠠᠨᠢᠬᠤ ᠨᠣᠮᠧᠷ ᠨᠢ ᠥᠭᠢᠷᠡᠰᠢᠵᠦ ᠵᠢᠪᠡᠷᠡᠭᠡᠳ ᠬᠦᠨᠳᠦ ᠨᠣᠴᠢᠲᠠᠢ ᠢᠳᠡᠭᠳᠡᠵᠦ᠂ ᠣᠨᠣᠪᠴᠢᠲᠠᠶ ᠢᠯᠭᠠᠨ ᠲᠠᠨᠢᠬᠤ ᠶᠢᠨ ᠠᠷᠭ᠎ᠠ ᠦᠭᠡᠢ ᠤᠴᠢᠷ ᠠᠴᠠ ᠲᠡᠷᠭᠡᠨ ᠤ ᠪᠦᠷᠢᠨ ᠪᠦᠲᠦᠨ ᠮᠡᠳᠡᠭᠡ ᠵᠠᠩᠭᠢ ᠶᠢ ᠬᠠᠩᠭᠠᠵᠤ ᠴᠢᠳᠠᠬᠤ ᠦᠭᠡᠢ᠂ ᠰᠢᠢᠳᠪᠦᠷᠢᠯᠡᠬᠦ ᠪᠠᠷ ᠢᠷᠡᠭᠰᠡᠨ ᠲᠡᠷᠭᠡᠨ ᠤ ᠵᠢᠯᠣᠭᠤᠴᠢ ᠪᠤᠶᠤ ᠥᠮᠴᠢᠯᠡᠭᠴᠢ᠂ ᠬᠠᠮᠢᠶᠠᠷᠤᠭᠴᠢ ᠨᠢ ᠡᠷᠬᠡᠪᠰᠢ ᠲᠡᠷᠭᠡᠨ ᠤ ᠪᠦᠷᠢᠨ ᠪᠦᠲᠦᠨ ᠢᠷᠡᠯᠲᠡ ᠶᠢᠨ ᠭᠡᠷᠡᠴᠢ ᠶᠢ ᠬᠠᠩᠭᠠᠬᠤ ᠬᠡᠷᠡᠭᠲᠡᠢ᠃ᠣᠨᠴᠠᠭᠠᠶᠢᠯᠠᠨ ᠵᠠᠷᠯᠠᠪᠠ         ᠬᠤᠤᠯᠢᠩᠭᠤᠤᠯ ᠬᠤᠲᠠ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ               2022 ᠣᠨ ᠤ 10 ᠰᠠᠷ᠎ᠠ ᠶᠢᠨ 26 ᠤ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号