ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ — — — ᠪᠦᠬᠦ ᠬᠤᠳᠠ ᠶᠢᠨ ᠤᠬᠠᠭᠤᠯᠭ᠎ᠠ ᠶᠢᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠵᠢᠴᠢ 23 ᠳ᠋ᠤᠭᠠᠷ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/11/4
    11 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠪᠥᠬᠦ ᠬᠤᠲᠠ ᠶᠢᠨ ᠤᠬᠠᠭᠤᠯᠬᠤ ᠹᠷᠣᠨᠲ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠵᠢᠴᠢ 23 ᠳ᠋ᠤᠭᠠᠷ ᠰᠣᠷᠪᠣᠯᠵᠢᠯᠠᠭᠴᠢᠳ ᠤᠨ ᠪᠠᠶᠠᠷ ᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠰᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠬᠡᠰᠡᠭ ᠺᠠᠳ᠋ᠷ ᠠᠵᠢᠯᠲᠠᠨ ᠠᠵᠢᠯᠴᠢᠨ ᠵᠢᠴᠢ ᠱᠠᠩᠨᠠᠯ ᠭᠥᠷᠳᠡᠭᠰᠡᠨ ᠬᠤᠪᠢ ᠬᠥᠮᠥᠨ ᠪᠠ ᠨᠢᠭᠡᠴᠡ ᠶᠢᠨ ᠲᠥᠯᠥᠭᠡᠯᠡᠭᠴᠢ ᠨᠡᠶᠢᠲᠡ 50 ᠭᠠᠷᠤᠢ ᠬᠥᠮᠥᠨ ᠬᠤᠷᠠᠯ ᠳᠤ ᠣᠷᠣᠯᠴᠠᠵᠠᠢ᠃

   ᠬᠤᠷᠠᠯ ᠳᠡᠭᠡᠷ᠎ᠡ᠂ 2022 ᠣᠨ ᠤ ︽ᠰᠢᠯᠢᠳᠡᠭ ᠰᠣᠨᠢᠨ ᠮᠡᠳᠡᠭᠡᠨ ᠤ ᠠᠵᠢᠯᠲᠠᠳ︾᠂︽ᠰᠢᠯᠢᠳᠡᠭ ᠣᠨᠴᠠ

ᠤᠷᠢᠭᠰᠠᠨ ᠰᠤᠷᠪᠤᠯᠵᠢᠯᠠᠭᠴᠢ︾᠂︽ᠰᠢᠯᠢᠳᠡᠭ ᠴᠢᠮᠡᠭᠡᠯᠡᠭᠴᠢ︾᠂︽ᠰᠢᠯᠢᠳᠡᠭ ᠰᠦᠯᠵᠢᠶᠡᠨ ᠤ ᠳᠠᠮᠵᠢᠭᠤᠯᠭ᠎ᠠ ᠶᠢᠨ ᠰᠠᠶᠢᠨ

ᠳᠤᠷ᠎ᠠ ᠶᠢᠨ ᠠᠵᠢᠯᠯᠠᠭᠴᠢ︾᠂︽ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠲᠡᠷᠢᠭᠦᠨ ᠤ ᠨᠢᠭᠡᠴᠡ︾ ᠶᠢ ᠬᠥᠬᠢᠭᠦᠯᠦᠨ

ᠰᠠᠶᠢᠰᠢᠶᠠᠵᠤ᠂ 5 ᠲᠡᠷᠢᠭᠦᠨ ᠤ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃

   ᠰᠢᠨ ᠰᠢᠨ ᠡᠩ ᠲᠡᠷᠢᠭᠦᠨ ᠳᠤ ᠮᠠᠨ ᠤ ᠬᠤᠲᠠ ᠶᠢᠨ ᠤᠬᠠᠭᠤᠯᠭ᠎ᠠ ᠶᠢᠨ ᠹᠷᠣᠨᠲ ᠤᠨ ᠥᠷᠭᠡᠨ ᠣᠯᠠᠨ

ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠬᠥᠬᠢᠭᠦᠯᠦᠯ ᠭᠥᠷᠳᠡᠭᠰᠡᠨ ᠨᠢᠭᠡᠴᠡ ᠪᠣᠯᠣᠨ

ᠬᠤᠪᠢ ᠬᠥᠮᠥᠨ ᠳᠤ ᠬᠠᠯᠠᠭᠤᠨ ᠪᠠᠶᠠᠷ ᠬᠦᠷᠭᠡᠪᠡ᠃ ᠲᠡᠷᠡ ᠵᠢᠭᠠᠵᠤ ᠭᠠᠷᠭᠠᠭᠰᠠᠨ ᠨᠢ᠂ ᠮᠠᠨ ᠤ ᠬᠤᠲᠠ ᠣᠳᠣ ᠶᠠᠭ

ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠵᠠᠩᠭᠢᠯᠠᠭ᠎ᠠ ᠶᠢᠨ

ᠴᠠᠭ ᠦᠶ᠎ᠡ ᠳᠤ ᠣᠷᠣᠰᠢᠵᠤ ᠪᠠᠶᠢᠨ᠎ᠠ᠂ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠪᠦᠬᠦ ᠬᠤᠳᠠ ᠶᠢᠨ

ᠤᠬᠠᠭᠤᠯᠭ᠎ᠠ ᠶᠢᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ

ᠰᠤᠷᠤᠯᠴᠠᠵᠦ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠵᠦ᠂ ᠤᠯᠤᠰ ᠲᠦᠷᠦ ᠶᠢ ᠡᠷᠬᠢᠮᠯᠡᠬᠦ᠂ ᠶᠡᠭᠡ

ᠲᠠᠯ᠎ᠠ ᠶᠢ ᠬᠠᠷᠠᠭᠠᠯᠵᠠᠬᠤ ᠥᠨᠳᠥᠷᠴᠡ ᠳᠤ ᠵᠣᠭᠰᠣᠵᠤ᠂ ᠡᠯ᠎ᠡ ᠵᠦᠢᠯ ᠤᠨ ᠤᠬᠠᠭᠤᠯᠭ᠎ᠠ ᠶᠢᠨ ᠬᠡᠯᠪᠡᠷᠢ ᠪᠣᠯᠣᠨ ᠠᠷᠭ᠎ᠠ

ᠪᠠᠷᠢᠯ ᠢ ᠭᠦᠢᠴᠡᠳ ᠠᠰᠢᠭᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠬᠤᠳᠠ ᠶᠢᠨ

ᠬᠡᠪᠴᠢᠶᠡᠨ ᠳᠤ ᠰᠦᠷ ᠬᠦᠴᠦᠨ ᠲᠠᠢ ᠪᠣᠯᠭᠠᠵᠤ᠂ ᠨᠥᠯᠥᠭᠡ ᠦᠵᠡᠭᠦᠯᠬᠦ ᠬᠡᠷᠡᠭᠲᠡᠢ᠃ᠨᠠᠮ ᠪᠠ ᠠᠷᠠᠳ ᠲᠦᠮᠡᠨ ᠳᠤ

ᠢᠲᠡᠭᠡᠯ ᠲᠠᠢ ᠰᠣᠨᠢᠨ ᠮᠡᠳᠡᠭᠡᠨ ᠤ ᠠᠵᠢᠯᠲᠠᠨ ᠪᠣᠯᠬᠤ ᠶᠢ ᠪᠠᠷᠢᠮᠲᠠᠯᠠᠵᠤ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ

ᠬᠡᠯᠡᠯᠴᠡᠭᠡᠨ ᠤ ᠤᠳᠤᠷᠢᠳᠤᠮᠵᠢ᠂ ᠰᠣᠨᠢᠨ ᠮᠡᠳᠡᠭᠡᠨ ᠤ ᠵᠣᠷᠢᠯᠲᠠ᠂ ᠠᠵᠢᠯ ᠤᠨ ᠬᠠᠨᠳᠤᠰᠢ ᠶᠢ ᠪᠠᠷᠢᠮᠲᠠᠯᠠᠵᠤ᠂ ᠤᠯᠤᠰ

ᠲᠦᠷᠦ ᠶᠢᠨ ᠲᠠᠯ᠎ᠠ ᠪᠠᠷ ᠡᠷᠡᠰ ᠪᠠᠲᠤ᠂ ᠴᠠᠭ ᠦᠶ᠎ᠡ ᠶᠢ ᠬᠥᠲᠥᠯᠥᠨ ᠳᠠᠭᠠᠭᠤᠯᠬᠤ᠂ ᠲᠤᠬᠠᠶᠢᠯᠠᠭᠰᠠᠨ ᠠᠵᠢᠯ ᠳᠠᠭᠠᠨ

ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠰᠠᠶᠢᠨ ᠰᠣᠨᠢᠨ ᠮᠡᠳᠡᠭᠡᠨ ᠤ ᠠᠵᠢᠯᠲᠠᠨ ᠪᠣᠯᠵᠤ᠂ ᠰᠣᠨᠢᠨ ᠮᠡᠳᠡᠭᠡᠨ ᠤ

ᠤᠬᠠᠭᠤᠯᠭ᠎ᠠ ᠶᠢᠨ ᠳᠠᠭᠤ ᠬᠤᠭᠤᠯᠠᠢ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠰᠣᠨᠢᠨ ᠮᠡᠳᠡᠭᠡᠨ ᠤ

ᠤᠬᠠᠭᠤᠯᠭ᠎ᠠ ᠶᠢᠨ ᠴᠠᠭ ᠦᠶᠡᠴᠢ ᠴᠢᠨᠠᠷ ᠢ ᠨᠡᠩ ᠰᠠᠶᠢᠨ ᠢᠯᠡᠷᠡᠭᠦᠯᠵᠦ᠂ ᠵᠢᠮ᠎ᠡ ᠶᠣᠰᠣᠴᠢ ᠴᠢᠨᠠᠷ ᠢ ᠨᠡᠩ ᠰᠠᠶᠢᠨ

ᠡᠵᠡᠮᠳᠡᠵᠦ᠂ ᠪᠦᠲᠦᠭᠡᠯᠴᠢ ᠴᠢᠨᠠᠷ ᠲᠠᠢ ᠪᠣᠯᠭᠠᠬᠤ ᠬᠡᠷᠡᠭᠲᠡᠢ᠃  ᠴᠣ ᠰᠢᠨ᠎ᠡ ᠳᠦᠷᠰᠦ ᠪᠠᠶᠢᠳᠠᠯ ᠢᠶᠠᠷ ᠰᠢᠨ᠎ᠡ ᠴᠠᠭ

ᠦᠶ᠎ᠡ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠬᠢᠷᠢ

ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ

ᠭᠠᠵᠠᠷ ᠢ ᠡᠷᠡᠰ ᠰᠠᠬᠢᠵᠤ᠂ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠦᠢᠯᠡᠳᠦᠯᠭᠡ ᠶᠢᠨ ᠳᠠᠪᠲᠠᠯᠲᠠ ᠶᠢ

ᠢᠮᠠᠭᠲᠠ ᠲᠤᠭᠤᠰᠢᠯᠠᠭᠤᠯᠵᠦ᠂ ᠮᠠᠨ ᠤ ᠬᠤᠲᠠ ᠶᠢᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠤᠨ

ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠮᠠᠨ ᠤ ᠬᠤᠲᠠ ᠶᠢᠨ ᠰᠣᠨᠢᠨ ᠮᠡᠳᠡᠭᠡᠨ ᠤ

ᠤᠬᠠᠭᠤᠯᠭ᠎ᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠠᠢ᠃

    ᠳᠠᠷᠠᠭ᠎ᠠ ᠳᠤᠨᠢ᠂ ᠬᠤᠷᠠᠯ ᠳᠤ ᠣᠷᠣᠯᠴᠠᠭᠰᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ

ᠰᠤᠷᠤᠯᠴᠠᠬᠤ ᠸᠢᠳᠢᠤ᠋ ᠶᠢ ᠲᠥᠪᠯᠡᠷᠡᠭᠦᠯᠦᠨ ᠦᠵᠡᠪᠡ᠃ᠣᠶᠢᠯᠠᠭᠠᠭᠰᠠᠨ ᠢᠶᠠᠷ᠂ ᠬᠤᠲᠠ ᠶᠢᠨ ᠨᠠᠮ ᠤᠨ ᠬᠤᠷᠢᠶᠠᠨ ᠤ

ᠤᠬᠠᠭᠤᠯᠬᠤ ᠬᠡᠯᠲᠡᠰ ᠪᠠᠰᠠ ᠵᠢᠷᠭᠤᠭᠠᠨ ᠬᠤᠭᠤᠴᠠᠭᠠᠨ ᠤ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠢ ᠵᠣᠬᠢᠶᠠᠨ

ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠯᠠᠨ ᠲᠠᠯ᠎ᠠ ᠠᠴᠠ᠂

ᠪᠣᠰᠤᠭ᠎ᠠ ᠴᠣᠭᠴᠠ ᠠᠴᠠ ᠲᠠᠶᠢᠯᠪᠤᠷᠢᠯᠠᠨ ᠲᠠᠶᠢᠯᠪᠤᠷᠢᠯᠠᠵᠤ᠂ ᠪᠥᠬᠦ ᠬᠤᠲᠠ ᠶᠢᠨ ᠤᠬᠠᠭᠤᠯᠭ᠎ᠠ ᠶᠢᠨ ᠹᠷᠣᠨᠲ ᠤᠨ

ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ᠂

ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢ ᠲᠦᠯᠬᠢᠨ ᠠᠬᠢᠭᠤᠯᠵᠤ᠂ ᠬᠤᠷᠠᠯ ᠤᠨ

ᠵᠣᠷᠢᠭ ᠰᠠᠨᠠᠭᠠᠨ ᠤ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠣᠯᠬᠤ ᠪᠣᠯᠣᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号