ᠬᠥᠲᠥᠯᠥᠭᠴᠢ᠄ ᠦᠵᠡᠭᠴᠢᠳ ᠠ᠋᠂ ᠲᠠ ᠣᠲᠣ ᠬᠤᠤᠯᠢᠩᠭᠤᠤᠯ ᠬᠤᠲᠠ ᠶᠢᠨ ᠬᠠᠮ ᠵᠠᠭᠤᠴᠢᠯᠠᠭᠤᠷ ᠤᠨ | ᠲᠥᠪ ᠤᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ᠂ ᠥᠨᠥᠳᠥᠷ ᠤᠨ ᠫᠷᠣᠭ᠍ᠷᠠᠮ ᠳᠤ ᠪᠢᠳᠡ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠤᠯᠢᠩᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠯᠢᠦ ᠭᠤᠸᠠᠩ ᠵᠢᠶᠧ ᠶᠢ ᠤᠷᠢᠵᠤ᠂ ᠲᠡᠭᠦᠨ ᠢᠶᠠᠷ ᠭᠠᠶᠢᠯᠢ | ᠲᠠᠲᠠᠪᠤᠷᠢ ᠶᠢᠨ ᠲᠤᠬᠠᠢ ᠮᠡᠳᠡᠯᠭᠡ ᠤᠯᠠᠮᠵᠢᠯᠠᠭᠤᠯᠤᠶᠠ | | ᠯᠢᠦ ᠲᠣᠪᠴᠢᠶᠠᠨ ᠳᠠᠷᠤᠭ᠎ᠠ ᠲᠠ ᠰᠠᠶᠢᠨ ᠤᠤ︖ | ᠯᠢᠦ ᠭᠤᠸᠠᠩ ᠵᠢᠶᠧ᠄ ᠬᠥᠲᠥᠯᠥᠭᠴᠢ ᠰᠠᠶᠢᠨ ᠤᠤ︖ ᠲᠧᠯᠸᠢᠰ ᠤᠨ ᠡᠮᠦᠨᠡᠬᠢ ᠦᠵᠡᠭᠴᠢᠳ ᠨᠠᠶᠢᠵᠠ ᠨᠠᠷ ᠰᠠᠶᠢᠨ | ᠪᠠᠶᠢᠵᠠᠭᠠᠨ᠎ᠠ ᠤᠤ︖ | ᠬᠥᠲᠥᠯᠥᠭᠴᠢ᠄ ᠲᠠᠨ ᠤ ᠮᠠᠨ ᠤ ᠫᠷᠣᠭ᠍ᠷᠠᠮ ᠳᠤ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠂ ᠲᠡᠭᠡᠪᠡᠯ ᠯᠢᠦ | ᠲᠣᠪᠴᠢᠶᠠᠨ ᠳᠠᠷᠤᠭ᠎ᠠ ᠡ᠂ ᠣᠯᠠᠨ ᠢᠶᠠᠷ ᠢᠶᠠᠨ ︽ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ︾ ᠪᠣᠯ | ᠡᠨᠡ ᠵᠢᠯ ᠤᠨ ᠪᠠᠶᠢᠨ ᠳᠠᠬᠢᠨ ᠢᠯᠡᠷᠡᠵᠦ ᠪᠠᠶᠢᠭ᠎ᠠ ᠵᠠᠩᠭᠢᠯᠠᠭ᠎ᠠ ᠶᠢᠨ ᠦᠭᠡ ᠮᠥᠨ᠂ ᠡᠨᠡ ᠲᠠᠯ᠎ᠠ ᠪᠠᠷ 2022 | ᠣᠨ ᠳᠤ ᠮᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠳᠤ ᠶᠠᠮᠠᠷ ᠶᠠᠮᠠᠷ ᠰᠢᠨ᠎ᠡ ᠬᠤᠪᠢᠷᠠᠯᠲᠠ ᠭᠠᠷᠤᠭᠰᠠᠨ ᠪᠣᠶ︖ | | ᠯᠢᠦ ᠭᠤᠸᠠᠩ ᠵᠢᠶᠧ ᠄ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠣᠯ ᠮᠠᠨ ᠤ ᠭᠠᠶᠢᠯᠢ | ᠲᠤᠰᠢᠶᠠᠭᠴᠢ ᠶᠢᠨ ᠰᠦᠢᠳᠬᠡᠯ ᠲᠤᠰᠢᠶᠠᠭᠴᠢ ᠶᠢᠨ ᠲᠤᠶᠢᠯ ᠢᠶᠠᠷ ᠠᠩᠬᠠᠷᠴᠤ ᠪᠠᠶᠢᠭ᠎ᠠ ᠠᠰᠠᠭᠤᠳᠠᠯ ᠪᠣᠯᠣᠭᠰᠠᠭᠠᠷ | ᠢᠷᠡᠵᠠᠢ᠂ 2022 ᠣᠨ ᠳᠤ ᠰᠢᠨ᠎ᠡ ᠬᠠᠮ ᠬᠡᠯᠪᠡᠷᠢ ᠶᠢᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠬᠦ ᠨᠢ ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠢᠲᠡᠭᠡᠯ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ᠬᠥᠮᠥᠨ ᠳᠤ ᠬᠠᠮᠤᠭ ᠤᠨ ᠭᠦᠨ ᠰᠠᠭᠤᠭᠳᠠᠯ ᠥᠭᠬᠦ ᠪᠣᠯ ᠳᠠᠷᠤᠢ ︽ᠪᠣᠳᠠᠲᠠᠢ︾ | ᠠᠷᠭ᠎ᠠ ᠬᠡᠮᠵᠢᠶ᠎ᠡ ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠳᠤ ︽ᠲᠦᠷᠭᠡᠨ︾᠂ ︽ᠣᠨᠣᠪᠴᠢᠲᠠᠶ︾ | ᠶᠠᠪᠤᠳᠠᠯ ᠪᠣᠯᠣᠨ᠎ᠠ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠣᠷᠣᠨ ᠤ ᠲᠣᠪᠴᠢᠶ᠎ᠠ᠂ ᠬᠤᠲᠠ ᠶᠢᠨ | ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠬᠤᠤᠯᠢᠩᠭᠤᠤᠯ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠴᠤ ᠣᠯᠠᠨ ᠵᠦᠢᠯ ᠤᠨ ᠪᠣᠳᠠᠲᠠᠢ ᠲᠣᠬᠢᠷᠠᠭᠤᠯᠤᠯᠲᠠ ᠬᠢᠵᠦ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ | ᠵᠢᠷᠤᠭ ᠢ ᠲᠣᠳᠣᠷᠬᠠᠢ ᠲᠣᠭᠲᠠᠭᠠᠭᠰᠠᠨ ᠪᠠᠶᠢᠨ᠎ᠠ᠃ | ᠳᠡᠭᠡᠷ᠎ᠡ ᠬᠠᠭᠠᠰ ᠵᠢᠯ ᠤᠨ ᠲᠥᠷᠥ ᠶᠢᠨ ᠪᠣᠳᠣᠯᠭ᠎ᠠ ᠶᠢᠨ ᠪᠠᠶᠢᠳᠠᠯ ᠠᠴᠠ 2022 ᠣᠨ ᠤ ᠳᠣᠣᠷ᠎ᠠ ᠬᠠᠭᠠᠰ | ᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠶᠡᠷᠦᠩᠬᠡᠢ ᠳᠤᠨᠢ ᠠᠪᠴᠤ ᠬᠡᠯᠡᠪᠡᠯ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠶᠢ ᠦᠷᠭᠦᠯᠵᠢᠯᠡᠨ ᠠᠬᠢᠭᠤᠯᠵᠤ᠂ ᠡᠭᠦᠨ ᠳᠤ ᠬᠤᠶᠠᠷ ᠶᠡᠭᠡ ᠣᠨᠴᠠᠯᠢᠭ ᠢᠯᠡᠷᠡᠪᠡ᠄ | ᠨᠢᠭᠡ ᠳᠤ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠡᠳᠬᠡᠵᠦ ᠡᠭᠦᠳᠦᠨ ᠪᠦᠲᠦᠭᠡᠬᠦ ᠶᠢ ᠴᠢᠷᠮᠠᠶᠢᠨ ᠠᠬᠢᠭᠤᠯᠵᠤ᠂ ᠲᠡᠳᠡᠨ ᠤ | ᠲᠤᠰ ᠪᠡᠶ᠎ᠡ ᠶᠢᠨ ᠭᠤᠣᠯᠯᠠᠬᠤ ᠪᠦᠲᠦᠭᠡᠯᠴᠢ ᠬᠦᠴᠦᠨ ᠪᠠ ᠥᠷᠢᠰᠦᠯᠳᠦᠬᠦ ᠬᠦᠴᠦᠨ ᠢ ᠨᠡᠮᠡᠭᠳᠡᠭᠦᠯᠵᠦ᠂ ᠦᠷᠳᠡᠭ | ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠡᠷᠴᠢᠮ ᠢ ᠴᠢᠩᠭᠠᠷᠠᠭᠤᠯᠵᠤ᠂ ᠡᠳᠡᠭᠡᠷ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠬᠠᠰᠤᠬᠤ ᠶᠢ ᠲᠡᠭᠦᠯᠳᠡᠷᠵᠢᠭᠦᠯᠵᠦ᠂ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ | ᠥᠭᠡᠷᠡᠴᠢᠯᠡᠯᠲᠡ ᠬᠢᠵᠦ ᠪᠡᠯᠡ ᠣᠷᠣᠭᠤᠯᠬᠤ ᠶᠢ ᠠᠬᠢᠭᠤᠯᠵᠤ᠂ ᠡᠭᠦᠨ ᠤ ᠤᠯᠠᠮ ᠠᠴᠠ ᠡᠳᠡᠭᠡᠷ ᠠᠵᠤ ᠠᠬᠤᠶᠢᠯᠠᠯ ᠤᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠤᠨ᠎ᠠ;ᠬᠤᠶᠠᠷ ᠲᠤ ᠵᠢᠵᠢᠭ | ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠥᠭᠵᠢᠯᠲᠡ ᠪᠠᠨ ᠲᠦᠷᠭᠡᠳᠬᠡᠵᠦ ᠠᠮᠢᠵᠢᠷᠠᠯ ᠤᠨ | ᠬᠦᠴᠦᠨ ᠢᠶᠠᠨ ᠨᠡᠮᠡᠭᠳᠡᠭᠦᠯᠬᠦ ᠶᠢ ᠠᠬᠢᠭᠤᠯᠪᠠ᠃ᠵᠢᠱᠢᠶᠡᠯᠡᠪᠡᠯ ᠪᠢᠳᠡ 2021 ᠣᠨ ᠤ ᠡᠴᠦᠰ ᠲᠤ ᠬᠤᠭᠤᠴᠠᠭ᠎ᠠ ᠨᠢ | ᠲᠤᠯᠤᠭᠰᠠᠨ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠡᠮᠵᠢᠬᠦ | ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠵᠢᠵᠢᠭ | ᠠᠵᠤ ᠠᠬᠤᠶᠢᠯᠠᠯ ᠤᠨ ᠡᠵᠡᠩᠨᠡᠯᠲᠡ ᠶᠢᠨ ᠳᠠᠷᠤᠯᠲᠠ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃ | | ᠬᠥᠲᠥᠯᠥᠭᠴᠢ᠄ ᠨᠣᠮ ᠤᠨ ᠥᠷᠥᠭᠡ ᠶᠢᠨ ᠰᠠᠯᠠᠭ᠎ᠠ ᠮᠥᠴᠢᠷ ᠤᠨ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠯᠠᠨ ᠤ | ᠰᠡᠳᠬᠢᠯ ᠬᠠᠨᠤᠮᠵᠢᠲᠠᠶ ᠪᠠᠶᠢᠬᠤ ᠶᠢᠨ ᠲᠥᠯᠥᠭᠡ᠂ ᠬᠤᠤᠯᠢᠩᠭᠤᠤᠤᠯ ᠤᠨ ᠭᠠᠶᠢᠯᠢ ᠲᠠᠲᠠᠪᠤᠷᠢ ᠶᠢᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ ᠶᠤᠮ᠃ᠲᠡᠭᠡᠪᠡᠯ ᠭᠠᠶᠢᠯᠢ | ᠲᠤᠰᠢᠶᠠᠭᠴᠢ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠰᠡᠳᠬᠢᠯᠭᠡ ᠶᠢ ᠳᠡᠭᠡᠭᠰᠢᠯᠡᠭᠦᠯᠬᠦ ᠲᠠᠯ᠎ᠠ ᠪᠠᠷ ᠮᠠᠨ ᠤ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠶᠠᠮᠠᠷ ᠶᠠᠮᠠᠷ ᠠᠵᠢᠯ ᠬᠢᠭᠰᠡᠨ ᠪᠣᠶ︖ | | ᠯᠢᠦ ᠭᠤᠸᠠᠩ ᠵᠢᠶᠧ᠄ ᠪᠢ ᠣᠯᠠᠨ ᠳᠤ ᠦᠷᠭᠦᠯᠵᠢ ᠬᠠᠷᠠᠭᠳᠠᠳᠠᠭ ᠬᠤᠶᠠᠷ ᠵᠦᠢᠯ ᠤᠨ ᠭᠠᠶᠢᠯᠢ ᠲᠤᠰᠢᠶᠠᠬᠤ ᠶᠢ | ᠰᠢᠯᠢᠳᠡᠭᠵᠢᠭᠦᠯᠬᠦ ᠠᠵᠢᠯᠯᠠᠭ᠎ᠠ ᠶᠢ ᠲᠣᠪᠴᠢᠬᠠᠨ ᠬᠡᠯᠡᠶ᠎ᠡ᠃ᠨᠢᠭᠡᠳᠦᠭᠡᠷ ᠲᠤ᠂ ᠪᠢᠳᠡ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠪᠠᠶᠢᠨ᠎ᠠ᠃ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯ ᠭᠠᠶᠢᠯᠢ | ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠰᠦᠯᠵᠢᠶᠡᠨ ᠳᠡᠭᠡᠷ᠎ᠡ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠶᠢ | ᠪᠡᠶᠡᠯᠡᠭᠦᠯᠬᠦ ᠭᠤᠣᠯ ᠠᠷᠭ᠎ᠠ ᠵᠠᠮ ᠮᠥᠨ᠂ ᠣᠳᠣᠬᠠᠨ ᠳᠤ ᠨᠢᠭᠡᠨᠲᠡ ᠰᠦᠯᠵᠢᠶᠡᠨ ᠳᠤ ᠭᠠᠷᠴᠤ 201 ᠵᠦᠢᠯ ᠤᠨ ︽ | ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ᠂ 19 ᠵᠦᠢᠯ ᠤᠨ ︽ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠡᠶᠢᠯᠡᠭᠦᠯᠦᠨ ᠭᠦᠢᠴᠡᠳᠬᠡᠬᠦ︾ ᠲᠤᠬᠠᠶᠢᠯᠠᠭᠰᠠᠨ ᠠᠵᠢᠯ᠂ | ᠨᠡᠶᠢᠲᠡ 220 ᠵᠦᠢᠯ ᠢ ᠰᠦᠯᠵᠢᠶᠡᠨ ᠳᠤ ᠭᠠᠷᠭᠠᠵᠤ᠂ ᠪᠠᠷᠤᠭ ᠪᠣᠶ ᠪᠦᠬᠦᠢ ᠭᠠᠶᠢᠯᠢ ︵ᠰᠦᠢᠳᠬᠡᠯ︶ ᠳᠤ | ᠬᠤᠯᠪᠣᠭᠳᠠᠭᠰᠠᠨ ᠲᠤᠬᠠᠶᠢᠯᠠᠭᠰᠠᠨ ᠠᠵᠢᠯ ᠢ ᠬᠠᠮᠤᠷᠤᠭᠰᠠᠨ ᠪᠠᠶᠢᠨ᠎ᠠ᠃ᠣᠳᠣᠬᠠᠨ ᠳᠤ ᠡᠯᠧᠺᠲᠷᠣᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠲᠡᠮᠳᠡᠭᠯᠡᠬᠦ ᠰᠢᠰᠲ᠋ᠧᠮ ᠳᠤ ᠪᠥᠬᠦ ᠤᠯᠤᠰ ᠲᠤ ᠨᠢᠭᠡᠳᠦᠯᠲᠡᠢ ᠬᠡᠷᠡᠭᠵᠢᠭᠦᠯᠵᠦ ᠪᠠᠶᠢᠭ᠎ᠠ | ︽ᠬᠤᠣᠰ ᠹᠠᠺᠲ᠋ᠤᠷ ᠤᠨ ᠭᠡᠷᠡᠴᠢᠯᠡᠯ︾ ᠤᠨ ᠲᠣᠭᠲᠠᠴᠠ ᠶᠢ ᠬᠡᠷᠡᠭᠯᠡᠵᠦ ᠪᠣᠶ᠂ ᠵᠣᠷᠢᠯᠭ᠎ᠠ ᠨᠢ ᠬᠠᠤᠯᠢ ᠶᠢᠨ ᠬᠥᠮᠥᠨ ᠤ | ᠡᠳ᠋ ᠬᠥᠷᠥᠩᠭᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠶᠤᠮ᠂ ᠡᠶᠢᠮᠦ ᠠᠴᠠ | ᠲᠡᠮᠳᠡᠭᠯᠡᠬᠦ ᠠᠷᠭ᠎ᠠ ᠮᠠᠶ᠋ᠢᠭ ᠨᠢ ᠨᠡᠯᠢᠶᠡᠳ ᠪᠤᠳᠤᠯᠢᠶᠠᠨᠲᠠᠢ ᠪᠠᠶᠢᠵᠤ ᠮᠡᠳᠡᠨ᠎ᠡ᠂ ᠡᠶᠢᠮᠦ ᠠᠴᠠ ᠠᠳᠡ ᠣᠯᠠᠨ ᠳᠤ | ᠲᠠᠶᠢᠯᠪᠤᠷᠢᠯᠠᠵᠤ ᠥᠭᠭᠦᠶ᠎ᠡ᠂ ᠣᠶᠢᠯᠠᠭᠠᠬᠤ ᠶᠢ ᠬᠦᠰᠡᠵᠦ ᠪᠠᠶᠢᠨ᠎ᠠ᠃ᠬᠡᠷᠪᠡ ᠤᠯᠠᠨ ᠢᠶᠠᠷ ᠢᠶᠠᠨ ᠡᠯᠧᠺᠲᠷᠣᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠰᠢᠰᠲ᠋ᠧᠮ ᠢ ᠬᠡᠷᠡᠭᠯᠡᠬᠦ ᠶᠠᠪᠤᠴᠠ ᠳᠤ ᠬᠠᠶᠠ ᠺᠠᠷᠲ᠋ᠣᠨ ᠤ ᠦᠵᠡᠭᠳᠡᠯ | ᠭᠠᠷᠪᠠᠯ᠂ ᠲᠡᠭᠦᠨ ᠤ ᠭᠤᠣᠯ ᠰᠢᠯᠲᠠᠭᠠᠨ ᠨᠢ ᠲᠠᠨ ᠤ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠪᠠ ᠠᠵᠢᠯᠯᠠᠬᠤ | ᠰᠢᠰᠲ᠋ᠧᠮ ᠤᠨ ᠬᠡᠪᠯᠡᠯ ᠳᠡᠩᠳᠡᠭᠦᠦ ᠳᠣᠣᠷ᠎ᠠ ᠪᠤᠶᠤ ᠬᠠᠶᠢᠭᠤᠷ ᠤᠨ ᠬᠡᠪᠯᠡᠯ ᠳᠡᠩᠳᠡᠭᠦᠦ ᠳᠣᠣᠷ᠎ᠠ ᠪᠠᠶᠢᠬᠤ ᠠᠴᠠ | ᠪᠣᠯᠤᠭᠰᠠᠨ ᠪᠠᠶᠢᠵᠤ ᠮᠡᠳᠡᠨ᠎ᠠ᠂ ᠡᠶᠢᠮᠦ ᠠᠴᠠ ᠤᠯᠠᠨ ᠢᠶᠠᠷ ᠢᠶᠠᠨ ᠬᠠᠲᠠᠭᠤ ᠬᠡᠷᠡᠭᠰᠡᠯ ᠤᠨ ᠲᠣᠬᠢᠷᠠᠭᠤᠯᠤᠯᠲᠠ ᠶᠢ ᠳᠡᠰ | ᠳᠡᠪᠰᠢᠭᠦᠯᠵᠦ᠂ ᠬᠠᠶᠢᠭᠤᠷ ᠤᠨ ᠬᠡᠪᠯᠡᠯ ᠢ ᠰᠣᠯᠢᠬᠤ ᠪᠤᠶᠤ ᠳᠡᠰ ᠳᠡᠪᠰᠢᠭᠦᠯᠦᠭᠡᠳ ᠳᠠᠬᠢᠨ ᠲᠤᠷᠰᠢᠵᠤ ᠦᠵᠡᠬᠦ | ᠴᠢᠬᠤᠯᠠᠲᠠᠢ᠃ᠮᠡᠳᠡᠭᠦᠯᠬᠦ ᠬᠦᠰᠦᠨᠦᠭᠲᠦ ᠶᠢ ᠲᠠᠭᠯᠠᠬᠤ ᠦᠶ᠎ᠡ ᠳᠤ᠂ ᠡᠯ᠎ᠡ ᠵᠦᠢᠯ ᠤᠨ ᠭᠠᠶᠢᠯᠢ ᠶᠢᠨ ᠲᠥᠷᠥᠯ ᠤᠨ | ᠮᠡᠳᠡᠭᠦᠯᠬᠦ ᠬᠦᠰᠦᠨᠦᠭᠲᠦ ᠶᠢᠨ ︽ᠬᠦᠰᠦᠨᠦᠭᠲᠦ ᠶᠢᠨ ᠦᠯᠢᠭᠡᠷ︾ ᠢ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠠᠴᠠ ᠨᠢᠭᠡᠳᠦᠯᠲᠡᠢ ᠵᠣᠬᠢᠶᠠᠵᠤ ᠲᠠᠷᠬᠠᠭᠠᠭᠰᠠᠨ ᠪᠣᠯᠬᠤᠷ᠂ ᠲᠡᠭᠦᠨ ᠳᠤ ᠵᠣᠬᠢᠬᠤ ᠬᠡᠮᠵᠢᠶᠡᠨ ᠤ ᠲᠤᠰᠬᠠᠢ | ᠮᠡᠷᠭᠡᠵᠢᠯ ᠤᠨ ᠴᠢᠨᠠᠷ ᠪᠠ ᠪᠤᠳᠤᠯᠢᠶᠠᠨᠲᠤ ᠴᠢᠨᠠᠷ ᠲᠠᠢ᠂ ᠲᠡᠷᠡᠴᠢᠯᠡᠨ ᠭᠠᠶᠢᠯᠢ ᠲᠠᠲᠠᠪᠤᠷᠢ ᠶᠢᠨ ᠲᠥᠷᠥ ᠶᠢᠨ | ᠪᠣᠳᠣᠯᠭ᠎ᠠ ᠶᠢᠨ ᠰᠢᠨᠡᠴᠢᠯᠡᠯᠲᠡ ᠶᠢᠨ ᠳᠠᠪᠲᠠᠮᠵᠢ ᠨᠢ ᠥᠨᠳᠥᠷ᠂ ᠠᠭᠤᠯᠭ᠎ᠠ ᠨᠢ ᠣᠯᠠᠨ ᠪᠣᠯᠬᠤᠷ ᠮᠡᠳᠡᠭᠦᠯᠬᠦ | ᠬᠦᠰᠦᠨᠦᠭᠲᠦ ᠳᠤ ᠴᠦ ᠬᠤᠪᠢᠷᠠᠯᠲᠠ ᠭᠠᠷᠴᠤ᠂ ᠲᠡᠭᠦᠨ ᠤ ᠪᠤᠳᠤᠯᠢᠶᠠᠨᠲᠤ ᠴᠢᠨᠠᠷ ᠨᠢ ᠵᠠᠶᠢᠯᠠᠰᠢ ᠦᠭᠡᠢ ᠪᠠᠶᠢᠳᠠᠭ᠂ | ᠭᠡᠪᠡᠴᠦ ᠪᠢᠳᠡ ᠪᠠᠰᠠ ᠮᠡᠳᠡᠭᠦᠯᠬᠦ ᠬᠦᠰᠦᠨᠦᠭᠲᠦ ᠶᠢ ᠲᠠᠭᠯᠠᠨ ᠮᠡᠳᠡᠭᠦᠯᠬᠦ ᠲᠥᠬᠦᠮ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠵᠦ ᠪᠠᠶᠢᠨ᠎ᠠ᠂ ᠣᠳᠣᠬᠠᠨ ᠳᠤ᠂ ᠮᠠᠨ ᠤ ᠠᠷᠪᠠᠨ ᠡᠳ᠋ ᠤᠨ ᠵᠠᠰᠠᠭ ᠪᠠᠩᠬᠢ ᠶᠢᠨ ᠭᠠᠶᠢᠯᠢ ᠶᠢ ᠨᠢᠭᠡᠨᠲᠡ | ᠨᠢᠭᠡ ᠬᠠᠭᠤᠳᠠᠰᠤ ᠮᠡᠳᠡᠭᠦᠯᠬᠦ ᠬᠦᠰᠦᠨᠦᠭᠲᠦ ᠪᠣᠯᠭᠠᠨ ᠨᠡᠶᠢᠯᠡᠭᠦᠯᠵᠦ᠂ ᠥᠷᠲᠡᠭ ᠨᠡᠮᠡᠭᠳᠡᠯ ᠤᠨ ᠭᠠᠶᠢᠯᠢ᠂ | ᠬᠡᠷᠡᠭᠯᠡᠭᠡᠨ ᠤ ᠭᠠᠶᠢᠯᠢ ᠶᠢ ᠴᠤ ᠲᠣᠰ ᠲᠣᠰ ᠲᠡᠭᠦᠨ ᠤ ᠳᠠᠭᠠᠯᠲᠠ ᠭᠠᠶᠢᠯᠢ ᠲᠠᠢ ᠲᠣᠰ ᠲᠣᠰ ᠮᠡᠳᠡᠭᠦᠯᠬᠦ | ᠬᠦᠰᠦᠨᠦᠭᠲᠦ ᠶᠢ ᠡᠮᠬᠢᠯᠡᠨ ᠨᠡᠶᠢᠯᠡᠭᠦᠯᠪᠡ᠃ | ᠬᠤᠶᠠᠳᠤᠭᠠᠷ ᠲᠤ᠂ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠵᠦᠢᠯᠡᠰ ᠢ ᠴᠦ | ᠰᠢᠯᠢᠳᠡᠭᠵᠢᠭᠦᠯᠪᠡ᠃ᠪᠠᠶᠢᠩᠭᠤ ᠲᠣᠬᠢᠶᠠᠯᠳᠤᠳᠠᠭ ᠭᠠᠶᠢᠯᠢ ᠶᠢ ᠢᠯᠭᠠᠷᠠᠭᠤᠯᠤᠨ ᠬᠦᠴᠦᠨ ᠦᠭᠡᠢ ᠪᠣᠯᠭᠠᠬᠤ᠂ ᠭᠠᠶᠢᠯᠢ | ᠪᠤᠴᠠᠭᠠᠬᠤ ᠶᠢ ᠭᠦᠢᠴᠡᠳᠬᠡᠬᠦ᠂ ᠢᠲᠡᠭᠡᠮᠵᠢ ᠶᠢᠨ ᠦᠨᠡᠯᠡᠯᠲᠡ ᠬᠢᠬᠦ ᠵᠡᠷᠭᠡ 233 ᠵᠦᠢᠯ ᠤᠨ ᠲᠤᠬᠠᠶᠢᠯᠠᠭᠰᠠᠨ | ᠠᠵᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠮᠦᠩᠬᠡ ᠰᠤᠪᠠᠭ ᠵᠡᠷᠭᠡ ︽ | ᠥᠯᠥ ᠬᠦᠷᠦᠯᠴᠡᠬᠦ ᠬᠡᠯᠪᠡᠷᠢ︾ ᠶᠢᠨ ᠠᠷᠭ᠎ᠠ ᠮᠠᠶ᠋ᠢᠭ ᠢᠶᠠᠷ ᠭᠦᠢᠴᠡᠳᠬᠡᠵᠦ ᠪᠣᠯᠣᠨ᠎ᠠ᠂ ᠢᠩᠭᠢᠪᠡᠯ ︽ᠨᠢᠭᠡ | ᠤᠳᠠᠭ᠎ᠠ ᠳᠤ ᠴᠤ ᠭᠦᠶᠦᠯᠭᠡᠬᠦ ᠦᠭᠡᠢ︾ ᠳᠥᠭᠦᠮ ᠳᠥᠲᠡ ᠦᠷ᠎ᠡ ᠪᠦᠲᠦᠮᠵᠢ ᠶᠢ ᠪᠡᠶᠡᠯᠡᠭᠦᠯᠵᠦ ᠪᠣᠯᠣᠨ᠎ᠠ᠃ | ᠡᠭᠦᠨ ᠠᠴᠠ ᠭᠠᠳᠠᠨ᠎ᠠ ᠪᠠᠰᠠ 184 ᠵᠦᠢᠯ ᠤᠨ ᠲᠤᠬᠠᠶᠢᠯᠠᠭᠰᠠᠨ ᠠᠵᠢᠯ ᠨᠢ ᠰᠦᠯᠵᠢᠶᠡᠨ ᠭᠠᠳᠠᠨ᠎ᠠ ︽ᠬᠠᠮᠤᠭ | ᠠᠷᠪᠢᠨ ᠳᠠᠭᠠᠨ ᠨᠢᠭᠡ ᠯᠡ ᠤᠳᠠᠭ᠎ᠠ ᠳᠡᠭᠡᠷ᠎ᠡ ᠭᠦᠢᠴᠡᠳᠬᠡᠬᠦ︾ ᠶᠠᠪᠤᠳᠠᠯ ᠢ ᠪᠡᠶᠡᠯᠡᠭᠦᠯᠵᠦ ᠴᠢᠳᠠᠨ᠎ᠠ᠃︽ᠠᠳᠡ | ᠪᠠᠶᠢᠨ᠎ᠠ︾ ᠭᠡᠳ ᠪᠠᠰᠠ ᠣᠯᠠᠨ ᠢᠶᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠪᠠᠷ ᠳᠠᠮᠵᠢᠭᠤᠯᠤᠨ ︽ᠬᠠᠮᠤᠭ ᠠᠷᠪᠢᠨ ᠳᠠᠭᠠᠨ ᠨᠢᠭᠡ ᠤᠳᠠᠭ᠎ᠠ | ᠭᠦᠶᠦᠬᠦ︾ ᠲᠤᠬᠠᠶᠢᠯᠠᠭᠰᠠᠨ ᠠᠵᠢᠯ ᠤᠨ ᠡᠭᠦᠨ ᠳᠤ ᠲᠥᠷᠥᠯ ᠬᠤᠪᠢᠶᠠᠭᠰᠠᠨ ᠲᠤᠬᠠᠶᠢᠯᠠᠭᠰᠠᠨ ᠠᠵᠢᠯ ᠤᠨ | ᠠᠵᠢᠯᠯᠠᠭᠠᠨ ᠤ ᠨᠠᠷᠢᠨ ᠲᠣᠳᠣᠷᠬᠠᠢ ᠵᠢᠯᠣᠭᠤᠳᠤᠮᠵᠢ ᠪᠠᠶᠢᠬᠤ ᠪᠥᠭᠡᠳ ᠮᠠᠨ ᠤ ᠬᠤᠤᠯᠢᠩᠭᠤᠤᠯ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ︽ᠢᠯᠡ ᠭᠠᠶᠢᠯᠢ ᠶᠢᠨ ᠠᠰᠠᠷ︾ ᠤᠨ ᠡᠯᠧᠺᠲᠷᠣᠨ ᠰᠤᠷᠤᠯᠴᠠᠯᠭ᠎ᠠ ᠶᠢᠨ | ᠲᠠᠪᠴᠠᠩ ᠴᠤ ᠣᠯᠠᠨ ᠳᠤ ᠬᠠᠮᠢᠶ᠎ᠠ ᠪᠦᠬᠦᠢ ᠵᠢᠭᠠᠯᠲᠠ ᠶᠢ ᠨᠡᠶᠢᠲᠡᠯᠡᠵᠦ᠂ ᠥᠰᠥᠭ ᠪᠢᠴᠢᠭ᠂ ᠵᠢᠷᠤᠭ᠂ ᠸᠢᠳᠢᠤ᠋ ᠵᠡᠷᠭᠡ | ᠣᠯᠠᠨ ᠵᠦᠢᠯ ᠤᠨ ᠠᠷᠭ᠎ᠠ ᠬᠡᠯᠪᠡᠷᠢ ᠪᠠᠷ ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠭᠴᠢ ᠳᠤ ᠣᠯᠠᠨ ᠠᠷᠭ᠎ᠠ | ᠵᠠᠮ᠂ ᠣᠯᠠᠨ ᠶᠠᠩᠵᠤ ᠶᠢᠨ᠂ ᠣᠯᠠᠨ ᠵᠦᠢᠯ ᠤᠨ ᠭᠠᠶᠢᠯᠢ ᠶᠢᠨ ᠲᠥᠷᠥᠯ ᠤᠨ ᠨᠠᠷᠢᠯᠢᠭ ᠣᠨᠣᠴᠠᠲᠠᠢ ᠬᠠᠪᠰᠤᠷᠤᠨ | ᠵᠢᠯᠤᠭᠤᠳᠬᠤ ᠮᠠᠲ᠋ᠧᠷᠢᠶᠠᠯ ᠬᠠᠩᠭᠠᠬᠤ ᠪᠣᠯᠣᠨ᠎ᠠ᠃ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠪᠠᠷ ᠳᠠᠮᠵᠢᠭᠤᠯᠤᠨ ᠠᠷᠠᠳ ᠠᠴᠠ ᠡᠷᠭᠢᠯᠡᠭᠰᠡᠨ ᠭᠠᠶᠢᠯᠢ ᠳᠤ | ᠲᠥᠬᠦᠮ ᠦᠵᠡᠭᠦᠯᠬᠦ ᠤᠷᠢᠬᠠᠨ ᠬᠠᠪᠤᠷ ᠤᠨ ᠰᠠᠯᠬᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠬᠦ ᠶᠢ ᠢᠲᠡᠭᠡᠵᠦ | ᠪᠠᠶᠢᠨ᠎ᠠ ᠭᠡᠵᠡᠢ᠃ | | ᠬᠥᠲᠥᠯᠥᠭᠴᠢ᠄ ᠵᠠ᠂ ᠯᠢᠦ ᠲᠣᠪᠴᠢᠶᠠᠨ ᠳᠠᠷᠤᠭ᠎ᠠ ᠶᠢᠨ ᠮᠠᠳᠠᠭ ᠲᠠᠢ ᠠᠰᠠᠭᠤᠯᠲᠠ ᠶᠢ ᠬᠠᠷᠢᠭᠤᠯᠤᠭᠰᠠᠨ ᠳᠤ ᠮᠠᠰᠢ | ᠲᠠᠯᠠᠷᠬᠠᠵᠤ ᠪᠠᠶᠢᠨ᠎ᠠ᠂ ᠲᠠᠨ ᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠪᠠᠶᠠᠷᠲᠠᠢ︕ | ᠯᠢᠦ ᠭᠤᠸᠠᠩ ᠵᠢᠶᠧ᠄ ᠪᠠᠶᠠᠷᠲᠠᠢ᠃ | | |