ᠬᠥᠲᠥᠯᠥᠭᠴᠢ᠄ ᠰᠣᠨᠣᠰᠤᠭᠴᠢᠳᠡ᠂ ᠲᠠ ᠣᠲᠣ ᠬᠤᠤᠯᠢᠩᠭᠤᠤᠯ ᠬᠤᠲᠠ ᠶᠢᠨ ᠬᠠᠮ ᠵᠠᠭᠤᠴᠢᠯᠠᠭᠤᠷ ᠤᠨ | ᠲᠥᠪ ᠤᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ᠂ ᠪᠢ ᠪᠣᠯ ᠬᠥᠲᠥᠯᠥᠭᠴᠢ ᠯᠢ ᠨᠠ᠂ ᠣᠲᠣ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠠᠭ ᠪᠣᠯᠣᠨ᠎ᠠ᠂ ᠡᠨᠡ ᠳ᠋ᠤᠭᠠᠷ ᠲᠤ ᠲᠠ ᠬᠤᠤᠯᠢᠩᠭᠤᠤᠯ ᠬᠤᠲᠠ ᠶᠢᠨ ᠬᠠᠮ | ᠵᠠᠭᠤᠴᠢᠯᠠᠭᠤᠷ ᠤᠨ ᠲᠥᠪ ᠤᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠠᠭ ᠪᠣᠯᠣᠨ᠎ᠠ᠃ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠶᠢᠨ ᠲᠥᠯᠥᠭᠡ᠂ ᠠᠵᠤ ᠠᠬᠤᠶᠢᠯᠠᠯ ᠤᠨ ᠤᠯᠠᠨ ᠲᠦᠮᠡᠨ ᠳᠤ ᠴᠢᠨᠠᠷ ᠰᠠᠶᠢᠲᠠᠢ ᠥᠨᠳᠥᠷ | ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠰᠠᠶᠢᠨ ᠬᠠᠩᠭᠠᠬᠤ ᠶᠢᠨ ᠲᠤᠰᠠᠳᠠ ᠥᠨᠥᠳᠥᠷ ᠤᠨ | ᠫᠷᠣᠭ᠍ᠷᠠᠮ ᠳᠤ ᠪᠢᠳᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠡᠯᠧᠺᠲᠷᠣᠨ ᠵᠠᠰᠠᠭ ᠤᠨ ᠶᠠᠪᠤᠳᠠᠯ ᠤᠨ ᠰᠠᠯᠠᠭᠠᠨ ᠲᠠᠷᠤᠭ᠎ᠠ ᠸᠠᠩ ᠳ᠋ᠠᠨ ᠳ᠋ᠠᠨ ᠤᠷᠢᠵᠤ᠂ ᠮᠠᠨ ᠤ | ᠰᠢᠭᠤᠳ ᠨᠡᠪᠲᠡᠷᠡᠭᠦᠯᠭᠡ ᠶᠢᠨ ᠲᠠᠰᠤᠭ ᠲᠤ ᠮᠤᠷᠢᠯᠠᠨ ᠰᠠᠭᠠᠳᠠᠵᠦ᠂ ᠮᠠᠨ ᠤ ᠬᠤᠲᠠ ᠶᠢᠨ ︽ᠶᠡᠷᠦᠩᠬᠡᠶᠢᠯᠡᠭᠰᠡᠨ ᠨᠢᠭᠡ | ᠴᠣᠩᠬᠤ︾ ᠶᠢᠨ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠬᠡᠷᠡᠭᠵᠢᠭᠦᠯᠬᠦ | ᠲᠥᠰᠥᠯ ᠤᠨ ᠲᠤᠬᠠᠢ ᠣᠯᠠᠨ ᠳᠤ ᠲᠠᠶᠢᠯᠤᠮᠵᠢ ᠬᠢᠪᠡ᠃ | ᠲᠠ ᠰᠠᠶᠢᠨ ᠤᠤ᠂ ᠸᠠᠩ ᠳ᠋ᠠᠨ ᠳ᠋ᠠᠨ | ᠮᠠᠨ ᠤ ᠫᠷᠣᠭ᠍ᠷᠠᠮ ᠳᠤ ᠢᠷᠡᠭᠰᠡᠨ ᠢ ᠴᠢᠨᠢ ᠪᠠᠶᠠᠷᠯᠠᠨ ᠤᠭᠲᠤᠵᠤ ᠪᠠᠢᠨ᠎ᠠ᠃ | | | | ᠸᠠᠩ ᠳ᠋ᠠᠨ ᠳ᠋ᠠᠨ᠄ ᠬᠥᠲᠥᠯᠥᠭᠴᠢ ᠰᠠᠶᠢᠨ ᠤᠤ᠂ ᠷᠠᠳᠢᠣ᠋ ᠶᠢᠨ ᠡᠮᠦᠨᠡᠬᠢ ᠰᠣᠨᠣᠰᠤᠭᠴᠢᠳ ᠰᠠᠶᠢᠨ ᠤᠤ︖ | | ᠬᠥᠲᠥᠯᠥᠭᠴᠢ᠄ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠲᠤᠬᠠᠢ | ᠣᠯᠠᠨ ᠢᠶᠠᠷ ᠢᠶᠠᠨ ᠪᠦᠷ ᠲᠠᠨᠢᠯ ᠲᠠᠰᠤᠯ ᠪᠣᠯᠵᠠᠢ᠂ ᠣᠶᠢᠷ᠎ᠠ ᠳᠤ ᠮᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠡᠭᠡ ᠲᠢᠩᠬᠢᠮ ᠳᠤ ︽ᠶᠡᠷᠦᠩᠬᠡᠶᠢᠯᠡᠭᠰᠡᠨ ᠴᠣᠩᠬᠤ︾ ᠭᠠᠷᠭᠠᠭᠰᠠᠨ ᠪᠠᠶᠢᠨ᠎ᠠ᠂ ᠲᠡᠭᠡᠪᠡᠯ ᠪᠢ ︽ᠶᠡᠷᠦᠩᠬᠡᠶᠢᠯᠡᠭᠰᠡᠨ | ᠴᠣᠩᠬᠤ︾ ᠭᠡᠭᠴᠢ ᠶᠠᠭᠤ ᠪᠣᠶ᠂ ︽ᠶᠡᠷᠦᠩᠬᠡᠶᠢᠯᠡᠭᠰᠡᠨ ᠴᠣᠩᠬᠤ︾ ᠭᠡᠭᠴᠢ ᠶᠠᠭᠤ ᠪᠣᠶ ᠭᠡᠳᠡᠭ ᠢ ᠮᠡᠳᠡᠶ᠎ᠡ ᠭᠡᠵᠦ | ᠪᠤᠳᠤᠵᠤ ᠪᠠᠶᠢᠨ᠎ᠠ᠃ᠲᠠ ᠣᠯᠠᠨ ᠳᠤ ᠲᠠᠨᠢᠯᠴᠠᠭᠤᠯᠤᠭᠠᠳ ᠥᠭᠭᠦᠨ᠎ᠡ ᠤᠤ︖ | ᠸᠠᠩ ᠳ᠋ᠠᠨ ᠳ᠋ᠠᠨ᠄ ︽ᠶᠡᠷᠦᠩᠬᠡᠶᠢᠯᠡᠭᠰᠡᠨ ᠴᠣᠩᠬᠤ︾ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠰᠠᠯᠠᠭ᠎ᠠ | ᠮᠥᠴᠢᠷ᠂ ᠤᠴᠢᠷ ᠶᠠᠪᠤᠳᠠᠯ ᠤᠨ ᠶᠣᠰᠣᠭᠠᠷ ᠴᠣᠩᠬᠤ ᠭᠠᠷᠭᠠᠬᠤ︾ ᠠᠴᠠ ︽ᠨᠢᠭᠡ ᠴᠣᠩᠬᠤ ᠪᠠᠷ ᠭᠥᠯᠢᠶᠡᠨ | ᠠᠪᠴᠤ ᠰᠢᠢᠳᠪᠦᠷᠢᠯᠡᠬᠦ︾ ᠳᠠᠰᠢ ᠬᠤᠪᠢᠷᠠᠭᠤᠯᠬᠤ ᠶᠢ ᠬᠡᠯᠡᠨ᠎ᠡ᠃ ︽ᠡᠮᠦᠨ᠎ᠡ ᠲᠠᠪᠴᠠᠩ ᠳᠤ ᠶᠡᠷᠦᠩᠬᠡᠶᠢᠯᠡᠨ | ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ︾ ᠪᠠᠷ | ᠳᠠᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ︽ᠨᠠᠰᠢ ᠴᠠᠰᠢ ᠭᠦᠶᠦᠬᠦ᠂ ᠣᠯᠠᠨ ᠲᠠᠯ᠎ᠠ ᠠᠴᠠ | ᠭᠦᠶᠦᠬᠦ︾ ᠪᠠ ᠴᠣᠩᠬᠤᠨ ᠤ ᠶᠠᠭᠠᠷᠠᠯᠲᠠᠢ ᠰᠤᠯᠠ ᠪᠠᠶᠢᠬᠤ᠂ ᠮᠥᠷᠯᠡᠨ ᠬᠦᠯᠢᠶᠡᠵᠦ ᠪᠠᠶᠢᠭ᠎ᠠ ᠠᠰᠠᠭᠤᠳᠠᠯ ᠢ ᠦᠨᠡᠨ | ᠬᠦ ᠰᠢᠢᠳᠪᠦᠷᠢᠯᠡᠵᠦ᠂ ︽ᠨᠢᠭᠡ ᠰᠦᠯᠵᠢᠶ᠎ᠡ ᠨᠢᠭᠡ ᠴᠣᠩᠬᠤ ᠪᠠᠷ ᠨᠢᠭᠡ ᠤᠳᠠᠭ᠎ᠠ ᠬᠢᠬᠦ︾ ᠶᠢ ᠰᠢᠢᠳᠪᠦᠷᠢᠯᠡᠵᠦ | ᠳᠠᠭᠤᠰᠬᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ | ᠯᠦᠭᠡ ᠶᠢᠨ ᠬᠤᠭᠤᠷᠣᠨᠳᠣᠬᠢ ᠵᠠᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠥᠲᠥᠯᠥᠭᠴᠢ᠄ ︽ᠶᠡᠷᠦᠩᠬᠡᠶᠢᠯᠡᠭᠰᠡᠨ ᠴᠣᠩᠬᠤ︾ ᠭᠠᠷᠭᠠᠭᠰᠠᠨ ᠤ ᠳᠠᠷᠠᠭ᠎ᠠ᠂ ᠮᠠᠨ ᠤ ᠠᠵᠤ ᠠᠬᠤᠶᠢᠯᠠᠯ ᠪᠣᠯᠣᠨ | ᠠᠷᠠᠳ ᠲᠦᠮᠡᠨ ᠶᠠᠮᠠᠷ ᠲᠥᠬᠦᠮ ᠨᠥᠬᠦᠴᠡᠯ ᠤᠳ ᠢ ᠭᠥᠷᠳᠡᠬᠦ ᠪᠣᠶ︖ | ᠸᠠᠩ ᠳ᠋ᠠᠨ ᠳ᠋ᠠᠨ᠄ ᠠᠵᠢᠯ ᠡᠷᠬᠢᠯᠡᠵᠦ ᠪᠠᠶᠢᠭ᠎ᠠ ᠠᠵᠤ ᠠᠬᠤᠶᠢᠯᠠᠯ ᠤᠨ ᠣᠯᠠᠨ ᠲᠦᠮᠡᠨ ᠳᠤ ᠠᠪᠴᠤ ᠬᠡᠯᠡᠪᠡᠯ᠂ | ᠰᠠᠯᠠᠭ᠎ᠠ ᠮᠥᠴᠢᠷ ᠤᠨ ᠴᠣᠩᠬᠤ ᠪᠠᠷ ᠠᠳᠡ ᠲᠡᠨᠳᠡ ᠠᠴᠠ ᠡᠷᠢᠬᠦ ᠴᠢᠬᠤᠯᠠ ᠦᠭᠡᠢ᠂ ︽ᠣᠯᠠᠨ ᠰᠠᠯᠠᠭ᠎ᠠ | ᠮᠥᠴᠢᠷ ᠲᠤ ᠣᠴᠢᠬᠤ︾ ᠪᠠᠶᠢᠭᠰᠠᠨ ᠠᠴᠠ ᠪᠠᠨ ︽ᠨᠢᠭᠡ ᠰᠠᠯᠠᠭ᠎ᠠ ᠮᠥᠴᠢᠷ ᠲᠤ ᠣᠴᠢᠬᠤ︾ ᠪᠣᠯᠵᠤ᠂ ︽ᠣᠯᠠᠨ | ᠴᠣᠩᠬᠤ ᠪᠠᠷ ᠶᠠᠪᠤᠵᠤ︾ ᠪᠠᠶᠢᠭᠰᠠᠨ ᠠᠴᠠ ︽ᠨᠢᠭᠡ ᠴᠣᠩᠬᠤ ᠪᠠᠷ ᠶᠠᠪᠤᠵᠤ︾ ᠪᠠᠶᠢᠭᠰᠠᠨ ᠠᠴᠠ ︽ᠨᠢᠭᠡ | ᠴᠣᠩᠬᠤ ᠪᠠᠷ ᠶᠠᠪᠤᠵᠤ︾᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ | ᠳᠠᠮᠵᠢᠭᠤᠯᠬᠤ ᠪᠠᠷ ᠳᠡᠮᠵᠢᠨ᠂ ᠠᠵᠤ ᠠᠬᠤᠶᠢᠯᠠᠯ ᠤᠨ ᠣᠯᠠᠨ ᠲᠦᠮᠡᠨ ᠨᠢᠭᠡ ᠯᠡ ᠤᠳᠠᠭ᠎ᠠ ᠳᠤ ᠳ᠋ᠤᠭᠠᠷ | ᠳᠠᠭᠤᠳᠠᠬᠤ ᠶᠢ ᠪᠡᠶᠡᠯᠡᠭᠦᠯᠵᠦ᠂ ᠣᠷᠣᠵᠤ ᠰᠠᠭᠤᠬᠤ ᠤᠴᠢᠷ ᠶᠠᠪᠤᠳᠠᠯ ᠤᠳ ᠢ ᠪᠦᠬᠦᠨ ᠢ ᠰᠢᠢᠳᠪᠦᠷᠢᠯᠡᠵᠦ | ᠪᠣᠯᠣᠨ᠎ᠠ᠂ ᠡᠨᠡ ᠨᠢ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠭᠤᠭᠴᠤᠭ᠎ᠠ ᠶᠢ ᠪᠠᠭᠠᠰᠬᠠᠬᠤ᠂ | ᠭᠦᠶᠦᠬᠦ ᠤᠳᠠᠭ᠎ᠠ ᠶᠢ ᠪᠠᠭᠠᠰᠬᠠᠬᠤ ᠳᠤ ᠠᠰᠢᠭᠲᠠᠢ ᠪᠠᠶᠢᠵᠤ᠂ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ᠂ | ᠨᠠᠩ ᠰᠢᠭᠤᠳ᠂ ᠨᠠᠩ ᠥᠨᠳᠥᠷ ᠪᠦᠲᠦᠮᠵᠢᠲᠡᠶ ᠪᠥᠭᠡᠳ ᠢᠯᠭᠤᠮ ᠰᠢᠯᠤᠭᠤᠨ ᠪᠠᠶᠢᠵᠤ᠂ ᠠᠵᠤ ᠠᠬᠤᠶᠢᠯᠠᠯ ᠤᠨ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠬᠥᠲᠥᠯᠥᠭᠴᠢ᠄ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠰᠣᠨᠣᠰᠤᠭᠴᠢᠳ ᠪᠠᠷᠤᠭ ᠮᠠᠨ ᠤ ︽ | ᠶᠡᠷᠦᠩᠬᠡᠶᠢᠯᠡᠭᠰᠡᠨ ᠨᠢᠭᠡ ᠴᠣᠩᠬᠤ︾ ᠶᠢᠨ ᠲᠤᠬᠠᠢ ᠵᠣᠬᠢᠬᠤ ᠣᠶᠢᠯᠠᠭᠠᠯᠲᠠ ᠲᠠᠢ ᠪᠣᠯᠤᠭᠰᠠᠨ ᠪᠠᠶᠢᠬ᠎ᠠ᠂ ᠲᠡᠭᠡᠪᠡᠯ | ᠪᠢᠳᠡ ᠶᠡᠷᠦᠩᠬᠡᠶᠢᠯᠡᠭᠰᠡᠨ ᠨᠢᠭᠡ ᠴᠣᠩᠬᠤ ᠶᠢ ᠳᠡᠯᠭᠡᠷᠡᠭᠦᠯᠬᠦ ᠶᠢᠨ ᠤᠳᠬ᠎ᠠ ᠠᠭᠤᠯᠭ᠎ᠠ ᠨᠢ ᠶᠠᠭᠤ ᠪᠣᠶ︖ | ᠸᠠᠩ ᠳ᠋ᠠᠨ ᠳ᠋ᠠᠨ᠄ ᠨᠢᠭᠡ ᠴᠣᠩᠬᠤᠨ ᠤ ᠪᠠᠶᠢᠷᠢᠯᠠᠭᠤᠯᠤᠯᠲᠠ ᠶᠢ ᠬᠤᠷᠢᠶᠠᠩᠭᠤᠶᠢᠯᠠᠪᠠᠯ᠂ ᠠᠵᠤ ᠠᠬᠤᠶᠢᠯᠠᠯ ᠪᠣᠯᠣᠨ | ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ ᠳᠤ ᠨᠡᠩ ᠳᠥᠭᠦᠮ ᠳᠥᠲᠡ | ᠪᠣᠯᠭᠠᠬᠤ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠰᠢᠭᠤᠳ ᠬᠠᠨᠳᠤᠭᠤᠯᠤᠨ | ᠭᠤᠶᠤᠴᠢᠯᠠᠯ ᠶᠣᠰᠣᠭᠠᠷ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠴᠢᠷ ᠶᠠᠪᠤᠳᠠᠯ ᠤᠨ | ᠲᠣᠭᠤᠷᠢᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠣᠩᠬᠤᠪᠴᠢ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠢ ᠰᠠᠯᠠᠭ᠎ᠠ ᠪᠠᠷ | ᠦᠢᠯᠡᠴᠢᠯᠡᠬᠦ︾ ᠵᠠᠭᠪᠤᠷ ᠢ ᠬᠡᠷᠡᠭᠵᠢᠭᠦᠯᠬᠦ ᠨᠢ ᠰᠦᠯᠵᠢᠶᠡᠨ ᠠᠴᠠ ᠭᠠᠳᠠᠨ᠎ᠠ ᠠᠵᠢᠯ ᠶᠠᠪᠤᠳᠠᠯ ᠭᠦᠢᠴᠡᠳᠬᠡᠬᠦ ᠳᠤ | ᠭᠤᠭᠴᠤᠭ᠎ᠠ ᠶᠢ ᠪᠠᠭᠠᠰᠬᠠᠬᠤ᠂ ᠭᠦᠶᠦᠯᠲᠡ ᠶᠢᠨ ᠲᠤᠭ᠎ᠠ ᠶᠢ ᠪᠠᠭᠠᠰᠬᠠᠬᠤ ᠶᠢ ᠲᠦᠯᠬᠢᠨ ᠠᠬᠢᠭᠤᠯᠵᠤ᠂ ᠠᠵᠢᠯ | ᠶᠠᠪᠤᠳᠠᠯ ᠭᠦᠢᠴᠡᠳᠬᠡᠬᠦ ᠳᠤ ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠨ᠂ ᠲᠥᠬᠦᠮ᠂ ᠲᠦᠷᠭᠡᠨ᠂ | ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠮᠠᠨ ᠤ | ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠠᠷᠠᠯᠲᠠ ᠳᠤ | ᠬᠦᠷᠦᠭᠦᠯᠬᠦ ᠳᠤ ᠠᠰᠢᠭᠲᠠᠢ ᠶᠤᠮ᠃ | ᠬᠥᠲᠥᠯᠥᠭᠴᠢ᠄ ︽ᠶᠡᠷᠦᠩᠬᠡᠶᠢᠯᠡᠭᠰᠡᠨ ᠨᠢᠭᠡ ᠴᠣᠩᠬᠤ︾ ᠭᠠᠷᠭᠠᠭᠰᠠᠨ ᠤ ᠳᠠᠷᠠᠭ᠎ᠠ᠂ ᠬᠤᠲᠠ ᠶᠢᠨ ᠠᠷᠠᠳ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠨ ᠳᠤ ᠬᠦᠷᠴᠦ ᠲᠤᠬᠠᠶᠢᠯᠠᠭᠰᠠᠨ ᠠᠵᠢᠯ ᠢᠶᠠᠨ | ᠭᠦᠢᠴᠡᠳᠬᠡᠬᠦ ᠳᠤ ᠶᠠᠮᠠᠷ ᠶᠠᠮᠠᠷ ᠲᠥᠬᠦᠮ ᠨᠥᠬᠦᠴᠡᠯ ᠭᠥᠷᠳᠡᠬᠦ ᠪᠣᠶ︖ᠲᠠ ᠮᠠᠨ ᠤ ᠰᠣᠨᠣᠰᠤᠭᠴᠢᠳ ᠲᠤ ᠨᠠᠷᠢᠨ | ᠲᠠᠢᠯᠪᠤᠷᠢᠯᠠᠭᠠᠳ ᠥᠭᠭᠦᠨ᠎ᠡ ᠤᠤ? | ᠸᠠᠩ ᠳ᠋ᠠᠨ ᠳ᠋ᠠᠨ᠄ ᠮᠠᠨ ᠤ ᠬᠤᠲᠠ ᠣᠲᠣ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠭᠤᠣᠯ | ᠠᠷᠠᠯ ᠲᠣᠭᠤᠷᠢᠭᠰᠠᠨ ᠭᠠᠵᠠᠷ ᠲᠤ 5 ᠶᠡᠷᠦᠩᠬᠡᠶᠢᠯᠡᠭᠰᠡᠨ ᠴᠣᠩᠬᠤ ᠲᠣᠬᠢᠷᠠᠭᠤᠯᠵᠤ᠂ 7 ᠴᠣᠩᠬᠤᠨ ᠤ ᠠᠵᠢᠯᠲᠠᠨ | ᠲᠣᠬᠢᠷᠠᠭᠤᠯᠤᠨ ᠲᠤᠬᠠᠶᠢᠯᠠᠭᠰᠠᠨ ᠠᠵᠢᠯ ᠥᠷᠨᠢᠭᠦᠯᠵᠦ᠂ ᠠᠯᠪᠠᠨ ᠠᠵᠢᠯ ᠤᠨ ᠲᠥᠬᠦᠭᠡᠷᠦᠮᠵᠢ ᠶᠢ ᠪᠦᠷᠢᠨ | ᠲᠣᠬᠢᠷᠠᠭᠤᠯᠤᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ᠂ ᠶᠡᠷᠦᠩᠬᠡᠢ ᠰᠠᠯᠠᠭᠠᠨ ᠤ ᠭᠥᠯᠢᠶᠡᠨ ᠠᠪᠴᠤ ᠰᠢᠢᠳᠪᠦᠷᠢᠯᠡᠬᠦ ᠴᠢᠳᠠᠪᠤᠷᠢᠲᠠᠨ ᠢ | ᠬᠥᠮᠥᠵᠢᠭᠦᠯᠦᠨ᠂ ᠡᠴᠦᠰ ᠲᠡᠭᠡᠨ ᠨᠢᠭᠡ ᠵᠦᠢᠯ ᠳᠤ ᠮᠡᠷᠭᠡᠰᠢᠵᠦ ᠣᠯᠠᠨ ᠵᠦᠢᠯ ᠤᠨ ᠴᠢᠳᠠᠪᠤᠷᠢ ᠲᠠᠢ᠂ ᠢᠯᠭᠠᠭ᠎ᠠ | ᠦᠭᠡᠢ ᠭᠥᠯᠢᠶᠡᠨ ᠠᠪᠴᠤ ᠰᠢᠢᠳᠪᠦᠷᠢᠯᠡᠬᠦ ᠬᠠᠷᠠᠯᠲᠠ ᠶᠢ ᠪᠡᠶᠡᠯᠡᠭᠦᠯᠦᠨ᠎ᠡ᠃ᠣᠲᠣ ᠪᠣᠯᠲᠠᠯ᠎ᠠ᠂ ᠶᠡᠷᠦᠩᠬᠡᠶᠢᠯᠡᠭᠰᠡᠨ | ᠴᠣᠩᠬᠤᠨ ᠤ ᠰᠢᠰᠲ᠋ᠧᠮ ᠳᠤ ᠣᠷᠣᠭᠤᠯᠬᠤ ᠶᠣᠰᠣᠲᠠᠢ 739 ᠵᠦᠢᠯᠡᠰ ᠤᠨ ᠳᠣᠲᠣᠷᠠᠬᠢ 354 ᠵᠦᠢᠯᠡᠰ ᠢ ᠨᠢᠭᠡᠨᠲᠡ | ᠶᠡᠷᠦᠩᠬᠡᠶᠢᠯᠡᠭᠰᠡᠨ ᠴᠣᠩᠬᠤᠨ ᠤ ᠰᠢᠰᠲ᠋ᠧᠮ ᠳᠤ ᠲᠣᠬᠢᠷᠠᠭᠤᠯᠪᠠ᠂ ᠡᠭᠦᠨ ᠳᠤ ᠰᠤᠷᠭᠠᠨ ᠬᠥᠮᠦᠵᠢᠯ ᠪᠡᠶ᠎ᠡ ᠶᠢᠨ ᠲᠠᠮᠢᠷ᠂ | ᠲᠠᠷᠢᠶᠠᠯᠠᠩ ᠮᠠᠯ ᠠᠵᠤ ᠠᠬᠤᠢ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠵᠡᠷᠭᠡ 10 ᠰᠠᠯᠠᠭ᠎ᠠ ᠮᠥᠴᠢᠷ ᠤᠨ 45 ᠵᠦᠢᠯᠡᠰ ᠢ ᠨᠢᠭᠡᠨᠲᠡ ᠶᠡᠷᠦᠩᠬᠡᠶᠢᠯᠡᠭᠰᠡᠨ ᠴᠣᠩᠬᠤᠨ ᠳᠤ ᠭᠦᠢᠴᠡᠳᠬᠡᠵᠦ | ᠪᠣᠯᠣᠨ᠎ᠠ᠃ᠶᠡᠷᠦᠩᠬᠡᠶᠢᠯᠡᠭᠰᠡᠨ ᠴᠣᠩᠬᠤ ᠶᠢ ᠨᠡᠭᠡᠭᠡᠭᠰᠡᠨ ᠠᠴᠠ ᠨᠠᠰᠢ ᠨᠢᠭᠡᠨᠲᠡ 17768 ᠵᠦᠢᠯ ᠢ ᠵᠠᠯᠭᠠᠨ ᠠᠪᠴᠤ᠂ | 17138 ᠵᠦᠢᠯ ᠢ ᠬᠡᠪ ᠤᠨ ᠶᠣᠰᠣᠭᠠᠷ ᠰᠢᠢᠳᠪᠦᠷᠢᠯᠡᠵᠦ ᠳᠠᠭᠤᠰᠬᠠᠪᠠ᠃ᠲᠠᠷᠠᠭᠠᠴᠢ ᠶᠢᠨ ᠠᠯᠬᠤᠮ ᠳᠤ | ᠬᠤᠤᠯᠢᠩᠭᠤᠤᠯ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ | ᠦᠷᠭᠦᠯᠵᠢᠯᠡᠨ ᠬᠦᠴᠦᠯᠡᠨ ᠳᠡᠭᠡᠭᠰᠢᠯᠡᠭᠦᠯᠵᠦ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ | ᠥᠭᠡᠷᠡᠴᠢᠯᠡᠯᠲᠡ ᠶᠢ ᠲᠦᠷᠭᠡᠳᠬᠡᠨ ᠪᠡᠶᠡᠯᠡᠭᠦᠯᠵᠦ᠂ ᠣᠯᠠᠨ ᠶᠠᠩᠵᠤ ᠶᠢᠨ᠂ ᠵᠠᠪᠰᠠᠷ ᠦᠭᠡᠢ ᠵᠠᠯᠭᠠᠯᠳᠤᠭᠰᠠᠨ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠭ᠎ᠠ ᠵᠠᠮ ᠢ ᠪᠣᠶ ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠳᠤ ᠨᠠᠩ ᠨᠢᠯᠬᠠᠰᠠᠭ᠂ | ᠨᠠᠩ ᠲᠤᠰᠬᠠᠢ ᠮᠡᠷᠭᠡᠵᠢᠯ ᠤᠨ᠂ ᠨᠠᠩ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ | ᠬᠥᠲᠥᠯᠥᠭᠴᠢ᠄ ᠲᠠᠨ ᠤ ᠲᠠᠶᠢᠯᠤᠮᠵᠢ ᠪᠠᠷ ᠳᠡᠮᠵᠢᠨ᠂ ︽ᠶᠡᠷᠦᠩᠬᠡᠶᠢᠯᠡᠭᠰᠡᠨ ᠴᠣᠩᠬᠤ︾ ᠨᠢ ᠮᠠᠨ ᠤ ᠠᠵᠤ | ᠠᠬᠤᠶᠢᠯᠠᠯ ᠪᠣᠯᠣᠨ ᠣᠯᠠᠨ ᠲᠦᠮᠡᠨ ᠳᠤ ᠨᠠᠩ ᠣᠯᠠᠨ ᠪᠣᠳᠠᠲᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ᠂ ᠲᠠᠨ ᠤ | ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠪᠠᠶᠠᠷᠲᠠᠢ︕ | | ᠸᠠᠩ ᠳ᠋ᠠᠨ ᠳ᠋ᠠᠨ᠄ ᠪᠠᠶᠠᠷᠲᠠᠢ᠃ | |