︽ᠬᠥᠲᠥᠯᠥᠭᠴᠢ︾᠄ ᠰᠣᠨᠣᠰᠤᠭᠴᠢᠳ ᠡ᠂ ᠲᠠ ᠣᠲᠣ ᠬᠤᠤᠯᠢᠩᠭᠤᠤᠯ ᠬᠤᠲᠠ ᠶᠢᠨ ᠬᠠᠮ ᠵᠠᠭᠤᠴᠢᠯᠠᠭᠤᠷ ᠤᠨ | ᠲᠥᠪ ᠤᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ ᠂ ᠪᠢ ᠪᠣᠯ ᠬᠥᠲᠥᠯᠥᠭᠴᠢ ᠵᠢᠩ ᠾᠦᠢ᠂ ᠣᠲᠣ ᠪᠣᠯ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠠᠭ ᠮᠥᠨ᠂ ᠥᠨᠥᠳᠥᠷ ᠪᠢᠳᠡᠨ ᠤ ᠤᠷᠢᠵᠤ ᠠᠪᠴᠢᠷᠠᠭᠰᠠᠨ ᠵᠣᠴᠢᠨ | ᠪᠣᠯ ᠮᠠᠨ ᠤ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠣᠬᠢᠴᠠᠭᠤᠯᠬᠤ ᠲᠠᠰᠤᠭ ᠪᠣᠯᠣᠨ᠎ᠠ ᠃ | ᠸᠠᠩ ᠶᠢᠩ᠂ ᠲᠠ ᠰᠠᠶᠢᠨ ᠤᠤ︕ | | | | | ︽ᠸᠠᠩ ᠶᠢᠩ︾᠄ ᠬᠥᠲᠥᠯᠥᠭᠴᠢ ᠰᠠᠶᠢᠨ ᠤᠤ᠂ ᠷᠠᠳᠢᠣ᠋ ᠶᠢᠨ ᠡᠮᠦᠨᠡᠬᠢ ᠰᠣᠨᠣᠰᠤᠭᠴᠢᠳ ᠰᠠᠶᠢᠨ ᠤᠤ︖ | ︽ᠬᠥᠲᠥᠯᠥᠭᠴᠢ︾᠄ ᠶᠠᠭᠤ ᠶᠢ ︽ᠮᠦᠩᠬᠡ ᠰᠤᠪᠠᠭ ᠲᠤ ᠭᠦᠢᠴᠡᠳᠭᠡᠬᠦ · ᠨᠢᠭᠡ ᠯᠡ ᠤᠳᠠᠭ᠎ᠠ ᠳᠤ ᠭᠦᠢᠴᠡᠳᠭᠡᠬᠦ︾ | ᠭᠡᠬᠦ ᠪᠣᠶ᠂ ᠶᠠᠭᠤᠨ ᠤ ᠤᠴᠢᠷ ᠠᠴᠠ ᠲᠣᠰ ᠠᠵᠢᠯ ᠢ ᠲᠦᠯᠬᠢᠨ ᠠᠬᠢᠭᠤᠯᠵᠤ ᠪᠠᠶᠢᠬᠤ ᠪᠣᠶ︖ ᠭᠡᠳᠡᠭ ᠢ ᠲᠠ | ᠣᠯᠠᠨ ᠳᠤ ᠲᠥᠬᠦᠮ ᠲᠠᠨᠢᠯᠴᠠᠭᠤᠯᠤᠭᠠᠳ ᠥᠭᠭᠦᠨ᠎ᠡ ᠤᠤ︖ | ︽ᠸᠠᠩ ᠢᠩ︾᠄ ᠣᠶᠢᠷ᠎ᠠ ᠶᠢᠨ ᠵᠢᠯ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ | ᠨᠢᠭᠡ ᠰᠠᠯᠠᠭ᠎ᠠ᠂ ᠨᠢᠭᠡ ᠤᠳᠠᠭ᠎ᠠ︾ ᠶᠢᠨ ᠥᠭᠡᠷᠡᠴᠢᠯᠡᠯᠲᠡ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠭᠦᠨᠵᠡᠭᠡᠢ ᠠᠬᠢᠭᠤᠯᠤᠭᠰᠠᠨ ᠰᠠᠭᠤᠷᠢᠨ ᠳᠡᠭᠡᠷ᠎ᠡ᠂ ᠮᠠᠨ ᠤ ᠬᠤᠲᠠ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠰᠠᠯᠠᠭ᠎ᠠ ᠮᠥᠴᠢᠷ ᠲᠠᠢ | ᠬᠤᠯᠪᠣᠭ᠎ᠠ ᠲᠠᠢ ︽ᠭᠠᠭᠴᠠ ᠵᠦᠢᠯ ᠤᠨ ᠶᠠᠪᠤᠳᠠᠯ︾ ᠢ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠨ ᠳᠠᠬᠢ ︽ | ᠨᠢᠭᠡ ᠵᠦᠢᠯ ᠤᠨ ᠶᠠᠪᠤᠳᠠᠯ︾ ᠪᠣᠯᠭᠠᠨ ᠨᠡᠶᠢᠯᠡᠭᠦᠯᠵᠦ᠂ ᠲᠥᠪᠯᠡᠷᠡᠭᠦᠯᠦᠨ ᠭᠦᠢᠴᠡᠳᠬᠡᠬᠦ ᠶᠢ ᠬᠡᠷᠡᠭᠵᠢᠭᠦᠯᠦᠨ᠂ ︽ | ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ | ᠭᠤᠭᠴᠤᠭ᠎ᠠ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠪᠠ ᠭᠦᠶᠦᠯᠲᠡ ᠶᠢᠨ ᠤᠳᠠᠭ᠎ᠠ ᠶᠢ ᠶᠡᠭᠡ ᠪᠠᠷ | ᠪᠠᠭᠠᠰᠬᠠᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠪᠠᠶᠢᠨ᠎ᠠ᠃ | ︽ᠬᠥᠲᠥᠯᠥᠭᠴᠢ︾᠄ ᠥ ᠥ᠂ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠰᠣᠨᠣᠰᠤᠭᠴᠢᠳ ᠮᠠᠨ ᠤ ︽ᠨᠢᠭᠡ | ᠯᠡ ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠶᠢᠨ ᠲᠤᠬᠠᠢ ᠡᠳᠦᠢ ᠲᠡᠳᠦᠢ ᠣᠶᠢᠯᠠᠭᠠᠯᠲᠠ ᠲᠠᠢ ᠪᠣᠯᠤᠭᠰᠠᠨ | ᠪᠠᠶᠢᠬ᠎ᠠ᠂ ᠲᠡᠭᠡᠪᠡᠯ ᠪᠢᠳᠡ ︽ᠮᠦᠩᠬᠡ ᠰᠤᠪᠠᠭ ᠲᠤ ᠭᠦᠢᠴᠡᠳᠭᠡᠬᠦ · ᠨᠢᠭᠡ ᠯᠡ ᠤᠳᠠᠭ᠎ᠠ ᠳᠤ ᠭᠦᠢᠴᠡᠳᠭᠡᠬᠦ︾ ᠶᠢ | ᠬᠡᠷᠡᠭᠵᠢᠭᠦᠯᠪᠡᠯ ᠠᠵᠤ ᠠᠬᠤᠶᠢᠯᠠᠯ ᠤᠨ ᠣᠯᠠᠨ ᠲᠦᠮᠡᠨ ᠳᠤ ᠬᠡᠷᠬᠢᠨ ᠲᠥᠬᠦᠮ ᠦᠵᠡᠭᠦᠯᠬᠦ ᠪᠣᠶ︖ | ︽ᠸᠠᠩ ᠢᠩ︾᠄ ᠮᠠᠨ ᠤ ᠬᠤᠲᠠ ᠶᠢᠨ ᠬᠢᠨ ᠡᠨᠡᠬᠦ ᠠᠵᠢᠯ ᠢ ᠠᠬᠢᠭᠤᠯᠵᠤ ᠡᠬᠢᠯᠡᠭᠰᠡᠨ ᠠᠴᠠ ᠨᠠᠰᠢ᠂ ᠨᠢᠭᠡᠨᠲᠡ | 121 ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠡᠮᠬᠢᠯᠡᠨ ᠳᠢᠭᠯᠡᠵᠦ ᠨᠡᠶᠢᠲᠡᠯᠡᠨ᠂ ᠠᠵᠢᠯ ᠶᠠᠪᠤᠳᠠᠯ | ᠭᠦᠢᠴᠡᠳᠬᠡᠬᠦ ᠵᠦᠭᠯᠡᠭᠦᠷ ᠪᠠ ᠴᠤᠪᠤᠷᠠᠯ ᠤᠨ ᠵᠢᠷᠤᠭ ᠢ ᠨᠢᠭᠡᠳᠦᠯᠲᠡᠢ ᠨᠠᠶᠢᠷᠠᠭᠤᠯᠤᠨ ᠨᠡᠶᠢᠲᠡᠯᠡᠵᠦ᠂ ᠦᠢᠯᠡᠴᠢᠯᠡᠭᠡᠨ ᠤ | ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠨ᠂ ᠣᠯᠠᠨ ᠰᠠᠯᠠᠭ᠎ᠠ ᠮᠥᠴᠢᠷ ᠤᠨ ᠭᠦᠢᠴᠡᠳᠬᠡᠭᠰᠡᠨ ︽ᠲᠠᠩ ᠭᠠᠭᠴᠠ | ᠵᠦᠢᠯᠡᠰ︾ ᠢ ᠠᠵᠤ ᠠᠬᠤᠶᠢᠯᠠᠯ ᠤᠨ ᠣᠯᠠᠨ ᠲᠦᠮᠡᠨ ᠤ ᠬᠠᠷᠠᠭᠠᠨ ᠳᠠᠬᠢ ︽ᠨᠢᠭᠡ ᠶᠠᠪᠤᠳᠠᠯ︾ ᠪᠣᠯᠭᠠᠵᠤ᠂ ᠡᠯ᠎ᠡ | ᠰᠠᠯᠠᠭ᠎ᠠ ᠮᠥᠴᠢᠷ ᠤᠨ ᠮᠡᠳᠡᠭᠳᠡᠭᠰᠡᠨ ᠨᠢ ᠭᠦᠢᠴᠡᠳ ᠦᠭᠡᠢ᠂ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ᠂ | ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠣᠯᠠᠨ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠪᠡ᠃ᠵᠢᠱᠢᠶᠡᠯᠡᠪᠡᠯ᠂ | ᠪᠢ ᠬᠤᠭᠤᠯᠠᠨ ᠭᠡᠷ ᠨᠡᠭᠡᠭᠡᠨ᠎ᠡ᠃ ᠥᠭᠡᠷᠡᠴᠢᠯᠡᠯᠲᠡ ᠬᠢᠬᠦ ᠠᠴᠠ ᠡᠮᠦᠨ᠎ᠡ ᠭᠤᠶᠤᠴᠢᠯᠠᠭᠴᠢ ᠨᠢ ᠵᠠᠬ᠎ᠠ ᠳᠡᠯᠭᠡᠭᠦᠷ ᠤᠨ | ᠬᠢᠨᠠᠯᠲᠠ ᠲᠠᠯᠪᠢᠬᠤ ᠰᠠᠯᠠᠭ᠎ᠠ ᠮᠥᠴᠢᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ᠂ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ᠂ ᠭᠠᠯ ᠤᠨᠲᠠᠷᠠᠭᠠᠬᠤ ᠰᠠᠯᠠᠭ᠎ᠠ ᠮᠥᠴᠢᠷ ᠵᠡᠷᠭᠡ ᠳᠥᠷᠪᠡᠨ ᠴᠣᠩᠬᠤᠨ ᠳᠤ ᠬᠦᠷᠴᠦ᠂ | 4 ᠢᠵᠢ ᠮᠠᠲ᠋ᠧᠷᠢᠶᠠᠯ ᠢ ᠲᠤᠰᠢᠶᠠᠭᠠᠳ᠂ ᠣᠲᠣ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠪᠠᠷ | ᠳᠠᠮᠵᠢᠭᠤᠯᠤᠨ ︽ᠨᠢᠭᠡ ᠶᠠᠪᠤᠳᠠᠯ︾ ᠪᠣᠯᠭᠠᠭᠰᠠᠨ ᠤ ᠳᠠᠷᠠᠭ᠎ᠠ᠂ ᠭᠤᠶᠤᠴᠢᠯᠠᠭᠴᠢ ᠵᠥᠪᠬᠡᠨ ︽ᠨᠢᠭᠡ ᠯᠡ | ᠤᠳᠠᠭ᠎ᠠ ᠳᠤ ᠭᠦᠢᠴᠡᠳᠬᠡᠬᠦ︾ ᠴᠣᠩᠬᠤᠨ ᠳᠤ ᠬᠦᠷᠴᠦ ᠨᠢᠭᠡ ᠢᠵᠢ ᠮᠠᠲ᠋ᠧᠷᠢᠶᠠᠯ ᠢ ᠲᠤᠰᠢᠶᠠᠵᠤ᠂ ᠣᠷᠣᠯᠠᠨ | ᠭᠦᠢᠴᠡᠳᠭᠡᠭᠴᠢ ᠠᠴᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠠᠭᠤᠯᠭᠠᠨ ᠥᠭᠬᠦ ᠶᠢ ᠬᠠᠷᠢᠭᠤᠴᠠᠵᠤ᠂ | ᠠᠮᠠᠯᠠᠯᠲᠠ ᠶᠢᠨ ᠴᠠᠭ ᠤᠨ ᠬᠢᠵᠠᠭᠠᠷ ᠤᠨ ᠳᠣᠲᠣᠷ᠎ᠠ ︽ᠨᠢᠭᠡ ᠯᠡ ᠤᠳᠠᠭ᠎ᠠ ᠳᠤ ᠭᠦᠢᠴᠡᠳᠬᠡᠬᠦ︾ ᠴᠣᠩᠬᠤ ᠪᠠᠷ | ᠨᠢᠭᠡᠳᠦᠯᠲᠡᠢ ᠮᠠᠲ᠋ᠧᠷᠢᠶᠠᠯ ᠭᠠᠷᠭᠠᠵᠤ᠂ ᠪᠦᠬᠦᠶᠢᠯᠡ ᠶᠠᠪᠤᠴᠠ ᠳᠤ ᠭᠤᠶᠤᠴᠢᠯᠠᠭᠴᠢ ᠵᠥᠪᠬᠡᠨ ︽ᠨᠢᠭᠡ ᠯᠡ | ᠤᠳᠠᠭ᠎ᠠ ᠳᠤ ᠭᠦᠢᠴᠡᠳᠬᠡᠬᠦ︾ ᠴᠣᠩᠬᠤᠨ ᠳᠤ ᠬᠠᠨᠳᠤᠪᠠᠯ ᠪᠣᠯᠴᠢᠬᠠᠨ᠎ᠠ᠃ ᠬᠢᠨᠠᠨ ᠵᠥᠪᠰᠢᠶᠡᠷᠡᠬᠦ ᠵᠠᠩᠭᠢᠯᠠᠭ᠎ᠠ ᠶᠢ | 15 ᠪᠠᠶᠢᠭᠰᠠᠨ ᠠᠴᠠ 4 ᠪᠣᠯᠭᠠᠨ ᠪᠠᠭᠠᠰᠬᠠᠵᠤ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ 26 ᠪᠠᠶᠢᠭᠰᠠᠨ ᠠᠴᠠ 15 | ᠪᠣᠯᠭᠠᠨ ᠪᠠᠭᠠᠰᠬᠠᠪᠠ᠃ | ︽ᠬᠥᠲᠥᠯᠥᠭᠴᠢ︾᠄ ᠠᠷᠠᠳ ᠢᠷᠭᠡᠳ ᠮᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠳᠤ | ᠣᠴᠢᠬᠤ ᠳᠤ ᠣᠲᠣ ᠶᠠᠮᠠᠷ ᠶᠠᠮᠠᠷ ᠤᠴᠢᠷ ᠤᠳ ᠢ ᠰᠢᠢᠳᠪᠦᠷᠢᠯᠡᠵᠦ ᠪᠣᠯᠬᠤ ᠪᠣᠶ︖ | ︽ᠸᠠᠩ ᠶᠢᠩ︾ ᠣᠳᠣᠬᠠᠨ ᠳᠤ᠂ ︽ᠨᠢᠭᠡ ᠤᠳᠠᠭ᠎ᠠ ᠳᠤ ᠭᠦᠢᠴᠡᠳᠬᠡᠬᠦ︾ ᠴᠣᠩᠬᠤᠨ ᠳᠤ 121 ᠭᠤᠣᠯ | ᠰᠡᠳᠦᠪᠲᠦ ᠵᠦᠢᠯᠡᠰ ᠢ ᠶᠡᠭᠡ ᠲᠥᠯᠥᠪ ᠭᠤᠷᠪᠠᠨ ᠲᠥᠷᠥᠯ ᠳᠤ ᠬᠤᠪᠢᠶᠠᠵᠤ ᠪᠣᠯᠣᠨ᠎ᠠ᠃ᠨᠢᠭᠡᠳᠦᠭᠡᠷ ᠲᠦᠷᠦᠯ ᠨᠢ | ᠮᠠᠨ ᠳᠤ ᠳᠡᠯᠭᠡᠭᠦᠷ ᠨᠡᠭᠡᠭᠡᠵᠦ ᠥᠭᠭᠦᠨ᠎ᠡ ︵ᠵᠢᠱᠢᠶᠡᠯᠡᠪᠡᠯ᠄ ᠪᠢ ᠬᠢᠮᠤᠰᠤ ᠭᠤᠶᠣᠯᠠᠬᠤ ᠳᠡᠯᠭᠡᠭᠦᠷ ᠨᠡᠭᠡᠭᠡᠨ᠎ᠡ᠂ ᠪᠢ | ᠰᠦᠯᠵᠢᠶᠡᠨ ᠤ ᠪᠠᠭᠠᠷ ᠨᠡᠭᠡᠭᠡᠨ᠎ᠡ᠂ ᠪᠢ ᠬᠤᠭᠤᠯᠠᠨ ᠭᠡᠷ ᠨᠡᠭᠡᠭᠡᠨ᠎ᠡ᠂ ᠪᠢ ᠬᠡᠳᠦ ᠳᠡᠯᠭᠡᠭᠦᠷ ᠨᠡᠭᠡᠭᠡᠨ᠎ᠡ︶᠂ | ᠬᠤᠶᠠᠳᠤᠭᠠᠷ ᠲᠥᠷᠥᠯ ᠨᠢ ᠪᠢ ᠠᠵᠤ ᠠᠬᠤᠶᠢᠯᠠᠯ ᠨᠡᠭᠡᠭᠡᠨ᠎ᠡ ︵ᠵᠢᠱᠢᠶᠡᠯᠡᠪᠡᠯ᠄ ᠪᠢ ᠢᠳᠡᠭᠡᠨ ᠤ ᠦᠢᠯᠡᠳᠪᠦᠷᠢᠯᠡᠯ ᠤᠨ | ᠠᠵᠤ ᠠᠬᠤᠶᠢᠯᠠᠯ ᠡᠷᠬᠢᠯᠡᠨ᠎ᠡ᠂ ᠪᠢ ᠵᠠᠷ ᠮᠡᠳᠡᠭᠡᠨ ᠤ ᠺᠣᠮᠫᠠᠨᠢ ᠡᠷᠬᠢᠯᠡᠨ᠎ᠡ᠂ ᠪᠢ ᠭᠡᠷ ᠤᠨ ᠶᠠᠪᠤᠳᠠᠯ ᠤᠨ ᠺᠣᠮᠫᠠᠨᠢ | ᠡᠷᠬᠢᠯᠡᠨ᠎ᠡ᠂ ᠪᠢ ᠠᠳᠠᠯ ᠠᠬᠤᠢ ᠶᠢᠨ ᠺᠣᠮᠫᠠᠨᠢ ᠡᠷᠬᠢᠯᠡᠨ᠎ᠡ︶᠂ ᠭᠤᠷᠪᠠᠳᠤᠭᠠᠷ ᠲᠦᠷᠦᠯ ᠤᠨ ᠠᠵᠢᠯ ᠡᠷᠬᠢᠯᠡᠨ᠎ᠡ | ︵ᠵᠢᠱᠢᠶᠡᠯᠡᠪᠡᠯ᠄ ᠪᠢ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠨ᠎ᠡ᠂ ᠪᠢ ᠰᠠᠶ᠋ᠢ | ᠲᠦᠷᠦᠭᠰᠡᠨ ᠬᠡᠦᠬᠡᠳ ᠤᠨ ᠲᠦᠷᠦᠭᠰᠡᠨ ᠶᠠᠪᠤᠳᠠᠯ ᠢ ᠭᠦᠢᠴᠡᠳᠬᠡᠨ᠎ᠡ᠂ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠵᠢᠭᠡᠯᠡᠯᠭᠡ ᠶᠢ ᠭᠦᠢᠴᠡᠳᠬᠡᠨ᠎ᠡ︶᠃ | ︽ᠬᠥᠲᠥᠯᠥᠭᠴᠢ︾᠄ ᠲᠡᠭᠡᠪᠡᠯ ᠣᠳᠣᠬᠠᠨ ᠳᠤ ᠪᠢᠳᠡ ︽ᠮᠦᠩᠬᠡ ᠰᠤᠪᠠᠭ ᠲᠤ ᠭᠦᠢᠴᠡᠳᠭᠡᠬᠦ · ᠨᠢᠭᠡ ᠯᠡ | ᠤᠳᠠᠭ᠎ᠠ ᠳᠤ ᠭᠦᠢᠴᠡᠳᠭᠡᠬᠦ︾ ᠢ ᠬᠡᠷᠡᠭᠵᠢᠭᠦᠯᠬᠦ ᠠᠵᠢᠯ ᠢ ᠬᠡᠷᠬᠢᠨ ᠠᠬᠢᠭᠤᠯᠬᠤ ᠪᠣᠶ︖ᠣᠲᠣ ᠶᠢᠨ ︽ᠨᠢᠭᠡ ᠯᠡ | ᠤᠳᠠᠭ᠎ᠠ ᠳᠤ ᠡᠷᠭᠢᠯᠡᠬᠦ︾ ᠠᠵᠢᠯ ᠨᠢ ᠶᠠᠮᠠᠷ ᠦᠷ᠎ᠡ ᠪᠦᠲᠦᠮᠵᠢ ᠲᠠᠢ ᠪᠣᠶ︖ | ︽ᠸᠠᠩ ᠢᠩ︾᠄ ᠲᠠᠨ ᠤ ᠠᠰᠠᠭᠤᠭᠰᠠᠨ ᠳᠤ ᠲᠠᠯᠠᠷᠬᠠᠵᠤ ᠪᠠᠶᠢᠨ᠎ᠠ᠃ ᠦᠷ᠎ᠡ ᠪᠦᠲᠦᠮᠵᠢ ᠶᠢᠨ ᠠᠰᠠᠭᠤᠳᠠᠯ ᠤᠨ | ᠲᠤᠬᠠᠢ᠂ ᠪᠢ ᠳᠥᠷᠪᠡᠨ ᠲᠠᠯ᠎ᠠ ᠠᠴᠠ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠠᠵᠢᠯ ᠢ ᠥᠷᠨᠢᠭᠦᠯᠦᠭᠰᠡᠨ | ᠪᠠᠶᠢᠳᠠᠯ ᠢ ᠲᠠᠨᠢᠯᠴᠠᠭᠤᠯᠤᠶ᠎ᠠ᠄ ᠨᠢᠭᠡ ᠳᠤ᠂ ᠤᠴᠢᠷ ᠶᠠᠪᠤᠳᠠᠯ ᠢ ᠰᠢᠢᠳᠪᠦᠷᠢᠯᠡᠨ᠎ᠡ᠂ ᠣᠳᠣᠬᠠᠨ ᠳᠤ ᠪᠢᠳᠡ ᠨᠢᠭᠡᠨᠲᠡ | 121 ︽ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠤᠴᠢᠷ ᠶᠠᠪᠤᠳᠠᠯ ᠢ ᠰᠢᠢᠳᠪᠦᠷᠢᠯᠡᠬᠦ ᠶᠠᠪᠤᠴᠠ ᠪᠠ ᠤᠴᠢᠷ | ᠶᠠᠪᠤᠳᠠᠯ ᠢ ᠰᠢᠢᠳᠪᠦᠷᠢᠯᠡᠬᠦ ᠵᠦᠭᠯᠡᠭᠦᠷ ᠢ ᠡᠮᠬᠢᠯᠡᠨ ᠳᠢᠭᠯᠡᠬᠦ ᠠᠵᠢᠯ ᠢ ᠪᠡᠶᠡᠯᠡᠭᠦᠯᠵᠡᠢ᠂ ᠡᠭᠦᠨ ᠳᠤ ᠣᠯᠠᠨ ᠰᠠᠯᠠᠭ᠎ᠠ | ᠮᠥᠴᠢᠷ᠂ ᠣᠯᠠᠨ ᠤᠴᠢᠷ ᠶᠠᠪᠤᠳᠠᠯ ᠳᠤ ᠬᠤᠯᠪᠣᠭᠳᠠᠭᠰᠠᠨ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠤᠴᠢᠷ | ᠶᠠᠪᠤᠳᠠᠯ ᠨᠡᠶᠢᠲᠡ 107 ᠪᠠᠶᠢᠵᠤ᠂ ᠭᠠᠭᠴᠠ ᠰᠠᠯᠠᠭ᠎ᠠ ᠮᠥᠴᠢᠷ᠂ ᠭᠠᠭᠴᠠ ᠤᠴᠢᠷ ᠶᠠᠪᠤᠳᠠᠯ ᠳᠤ ᠬᠤᠯᠪᠣᠭᠳᠠᠭᠰᠠᠨ | ︽ᠨᠢᠭᠡ ᠯᠡ ᠤᠳᠠᠭ᠎ᠠ ᠳᠤ ᠰᠢᠢᠳᠪᠦᠷᠢᠯᠡᠬᠦ︾ ᠤᠴᠢᠷ ᠶᠠᠪᠤᠳᠠᠯ ᠨᠡᠶᠢᠲᠡ 14 ᠪᠠᠶᠢᠨ᠎ᠠ᠃ᠣᠳᠣᠬᠠᠨ ᠳᠤ ᠴᠥᠮ | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠶᠢᠨ ︽ᠨᠢᠭᠡ ᠯᠡ ᠤᠳᠠᠭ᠎ᠠ ᠳᠤ | ᠭᠦᠢᠴᠡᠳᠬᠡᠬᠦ︾ ᠲᠤᠰᠬᠠᠢ ᠪᠤᠯᠤᠩ ᠳᠤ ᠳᠠᠮᠵᠢᠭᠤᠯᠵᠤ᠂ ᠬᠡᠷᠡᠭ ᠡᠷᠭᠢᠯᠡᠬᠦ ᠵᠦᠭᠯᠡᠭᠦᠷ ᠢ ᠪᠠᠶᠢᠴᠠᠭᠠᠨ ᠯᠠᠪᠯᠠᠬᠤ᠂ | ᠭᠤᠶᠤᠴᠢᠯᠠᠬᠤ ᠬᠦᠰᠦᠨᠦᠭᠲᠦ ᠶᠢ ᠪᠠᠭᠤᠯᠭᠠᠬᠤ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠲᠤᠰᠬᠠᠢ | ᠪᠤᠯᠤᠩ ᠭᠠᠷᠭᠠᠪᠠ︔ᠬᠤᠶᠠᠷ ᠲᠤ ᠴᠣᠩᠬᠤ ᠭᠠᠷᠭᠠᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠲᠥᠪ ᠠᠷᠠᠯ | ᠲᠣᠭᠤᠷᠢᠭᠰᠠᠨ ᠣᠷᠣᠨ ᠪᠦᠰᠡ ᠳᠤ 3 ᠲᠤᠰᠬᠠᠢ ᠴᠣᠩᠬᠤ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠢ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ · ᠨᠢᠭᠡᠳᠦᠭᠡᠷ ᠤᠳᠠᠭ᠎ᠠ ᠶᠢᠨ ᠠᠯᠪᠠᠨ | ᠭᠡᠷ︾ ᠤᠨ ᠮᠣᠩᠭᠤᠯ ᠬᠢᠲᠠᠳ ᠬᠤᠣᠰ ᠬᠡᠯᠡᠨ ᠤ ᠲᠡᠮᠳᠡᠭ ᠢ ᠡᠯᠭᠦᠵᠦ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ | ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ | ᠶᠡᠷᠦᠩᠬᠡᠶᠢᠯᠡᠭᠰᠡᠨ ᠴᠣᠩᠬᠤ ᠪᠠᠷ ᠮᠠᠲ᠋ᠧᠷᠢᠶᠠᠯ ᠭᠠᠷᠭᠠᠬᠤ︾ ᠵᠠᠭᠪᠤᠷ ᠢ ᠬᠡᠷᠡᠭᠵᠢᠭᠦᠯᠦᠨ᠂ ᠣᠲᠣ ᠪᠣᠯᠲᠠᠯ᠎ᠠ᠂ ᠨᠡᠶᠢᠲᠡ | 3496 ᠬᠤᠪᠢ ᠭᠤᠣᠯ ᠰᠡᠳᠦᠪᠲᠦ ᠬᠠᠮᠲᠤᠷᠠᠨ ᠭᠦᠢᠴᠡᠳᠬᠡᠬᠦ ᠵᠦᠢᠯᠡᠰ ᠢ ᠭᠦᠢᠴᠡᠳᠬᠡᠪᠡ︔ᠭᠤᠷᠪᠠ ᠳᠤ ᠠᠭᠤᠷ | ᠠᠮᠢᠰᠬᠤᠯ ᠢ ᠪᠣᠶ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠢᠶᠠᠷ | ᠳᠠᠮᠵᠢᠭᠤᠯᠤᠨ ︽ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠢ ᠤᠬᠠᠭᠤᠯᠵᠤ᠂ ᠠᠭᠤᠷ ᠠᠮᠢᠰᠬᠤᠯ ᠢ ᠪᠣᠶ | ᠪᠣᠯᠭᠠᠨ᠎ᠠ᠃ᠰᠦᠯᠵᠢᠶᠡᠨ ᠳᠡᠭᠡᠷ᠎ᠡ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ᠂ | ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ᠤᠨ ᠰᠢᠯᠵᠢᠮᠡᠯ ᠬᠤᠯᠪᠣᠭᠠᠨ ᠤ ᠦᠵᠦᠭᠦᠷ᠂ | ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠲᠤ ᠤᠬᠠᠭᠤᠯᠭ᠎ᠠ ᠬᠢᠵᠦ᠂ ᠰᠦᠯᠵᠢᠶᠡᠨ | ᠭᠠᠳᠠᠨ᠎ᠠ ᠵᠠᠰᠠᠭ ᠤᠨ ᠶᠠᠪᠤᠳᠠᠯ ᠤᠨ ᠶᠡᠭᠡ ᠲᠢᠩᠬᠢᠮ᠂ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠢᠯᠡ ᠭᠠᠵᠠᠷ ᠲᠤ | ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠨᠠᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠡᠷᠡᠭ | ᠭᠦᠢᠴᠡᠳᠬᠡᠬᠦ ᠶᠠᠪᠤᠴᠠ᠂ ᠬᠡᠷᠡᠭ ᠶᠠᠪᠤᠳᠠᠯ ᠢ ᠭᠦᠢᠴᠡᠳᠬᠡᠬᠦ ᠬᠤᠶᠠᠷ ᠬᠡᠮᠵᠢᠯᠲᠦ ᠺᠣᠳ᠋ ᠵᠡᠷᠭᠡ ᠠᠭᠤᠯᠭ᠎ᠠ ᠶᠢ | ᠤᠬᠠᠭᠤᠯᠵᠤ᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠠᠵᠢᠯ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠪᠠ᠃ᠳᠥᠷᠪᠡ ᠳᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠂ ᠰᠦᠯᠵᠢᠶᠡᠨ ᠠᠴᠠ ᠭᠠᠳᠠᠭᠤᠷᠬᠢ ᠭᠠᠷ | ᠭᠦᠢᠴᠡᠳᠬᠡᠯ ᠬᠢᠬᠦ ᠤᠯᠠᠮᠵᠢᠯᠠᠯᠲᠤ ᠬᠡᠪ ᠵᠠᠭᠪᠤᠷ ᠢ ᠡᠪᠳᠡᠵᠦ᠂ ᠰᠦᠯᠵᠢᠶᠡᠨ ᠳᠡᠭᠡᠷ᠎ᠡ ᠲᠥᠷᠥᠭᠰᠡᠨ ᠬᠡᠦᠬᠡᠳ ᠤᠨ ︽ | ᠨᠢᠭᠡ ᠤᠴᠢᠷ︾ ᠢ ᠰᠦᠯᠵᠢᠶᠡᠨ ᠳᠡᠭᠡᠷ᠎ᠡ ᠮᠡᠳᠡᠭᠦᠯᠬᠦ ᠰᠢᠰᠲ᠋ᠧᠮ ᠤᠨ ᠬᠡᠷᠡᠭᠯᠡᠯᠲᠡ ᠶᠢᠨ ᠠᠵᠢᠯ ᠢ ᠢᠳᠡᠪᠬᠢᠲᠡᠢ | ᠠᠬᠢᠭᠤᠯᠵᠤ᠂ ᠥᠭᠡᠷᠡᠴᠢᠯᠡᠯᠲᠡ ᠠᠴᠠ ᠡᠮᠦᠨᠡᠬᠢ 5 ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠬᠤᠯᠪᠣᠭᠳᠠᠭᠰᠠᠨ | 6 ᠬᠡᠷᠡᠭ ᠶᠠᠪᠤᠳᠠᠯ ᠢ ᠰᠢᠢᠳᠪᠦᠷᠢᠯᠡᠵᠦ᠂ ᠰᠢᠰᠲ᠋ᠧᠮ ᠤᠨ ᠬᠡᠷᠡᠭᠯᠡᠯᠲᠡ ᠶᠢ ᠠᠬᠢᠭᠤᠯᠬᠤ ᠪᠠᠷ ᠳᠡᠮᠵᠢᠨ᠂ ᠣᠳᠣᠬᠠᠨ ᠳᠤ | ᠭᠤᠶᠤᠴᠢᠯᠠᠭᠴᠢ ᠨᠢ ᠵᠥᠪᠬᠡᠨ ᠨᠢᠭᠡ ᠯᠡ ᠭᠠᠷ ᠤᠲᠠᠰᠤ ᠬᠡᠷᠡᠭᠯᠡᠵᠦ᠂ ︽ᠥᠪᠥᠷ ᠮᠣᠩᠭᠤᠯ ᠤᠨ ᠲᠦᠷᠭᠡᠨ | ᠬᠤᠷᠳᠤᠴᠠ ᠶᠢᠨ ᠠᠯᠪᠠᠨ ᠭᠡᠷ︾ ᠤᠨ APP ᠳᠤ ᠭᠠᠷᠴᠤ᠂ ᠰᠠᠶ᠋ᠢ ᠲᠥᠷᠥᠭᠰᠡᠨ ᠬᠡᠦᠬᠡᠳ ᠤᠨ ︽ᠨᠢᠭᠡ ᠶᠠᠪᠤᠳᠠᠯ︾ | ᠤᠨ ᠲᠤᠰᠬᠠᠢ ᠣᠷᠣᠨ ᠳᠤ ᠣᠷᠣᠵᠤ᠂ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠵᠤ᠂ ᠭᠤᠶᠤᠴᠢᠯᠠᠯ ᠢᠶᠠᠨ ᠲᠤᠰᠢᠶᠠᠪᠠᠯ | ᠳᠠᠷᠤᠢ ᠨᠢᠭᠡ ᠯᠡ ᠤᠳᠠᠭ᠎ᠠ ᠳᠤ ᠭᠤᠶᠤᠴᠢᠯᠠᠵᠤ ᠪᠣᠯᠣᠨ᠎ᠠ᠂ ︽ᠣᠯᠠᠨ ᠶᠠᠪᠤᠳᠠᠯ︾ ᠢ ︽ᠨᠢᠭᠡ ᠶᠠᠪᠤᠳᠠᠯ︾ | ᠪᠣᠯᠭᠠᠵᠤ᠂ ᠣᠯᠠᠨ ᠲᠦᠮᠡᠨ ᠤ ᠮᠥᠷᠯᠡᠵᠦ ᠬᠦᠯᠢᠶᠡᠬᠦ ᠴᠠᠭ ᠢ ᠠᠷᠪᠢᠯᠠᠭᠰᠠᠨ ᠢᠶᠠᠷ ᠪᠠᠷᠠᠬᠤ ᠦᠭᠡᠢ᠂ ᠪᠠᠰᠠ ᠮᠠᠰᠢ | ᠣᠯᠠᠨ ᠴᠢᠬᠤᠯᠠ ᠪᠤᠰᠤ ᠭᠤᠭᠴᠤᠭ᠎ᠠ ᠶᠢ ᠴᠤ ᠠᠷᠪᠢᠯᠠᠭᠰᠠᠨ ᠪᠠᠶᠢᠨ᠎ᠠ᠃ | ︽ᠬᠥᠲᠥᠯᠥᠭᠴᠢ︾᠄ ᠲᠠᠨ ᠤ ᠲᠠᠨᠢᠯᠴᠠᠭᠤᠯᠭ᠎ᠠ ᠪᠠᠷ ᠳᠠᠮᠵᠢᠭᠤᠯᠤᠨ ︽ᠮᠦᠩᠬᠡ ᠰᠤᠪᠠᠭ ᠲᠤ ᠭᠦᠢᠴᠡᠳᠭᠡᠬᠦ · | ᠨᠢᠭᠡ ᠯᠡ ᠤᠳᠠᠭ᠎ᠠ ᠳᠤ ᠭᠦᠢᠴᠡᠳᠭᠡᠬᠦ︾ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠳᠣᠲᠣᠨᠣ ᠦᠢᠯᠡᠴᠢᠯᠡᠭᠡ | ᠬᠠᠩᠭᠠᠵᠤ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠨᠠᠩ ᠬᠠᠯᠠᠭᠤᠨ ᠲᠠᠢ | ᠪᠣᠯᠭᠠᠪᠠ᠃ᠵᠠ᠂ ᠲᠠ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠵᠦ ᠮᠠᠳᠠᠭ ᠲᠠᠢ ᠠᠰᠠᠭᠤᠳᠠᠯ ᠢ | ᠲᠠᠶᠢᠯᠤᠭᠰᠠᠨ ᠳᠤ ᠴᠢᠨᠢ ᠮᠠᠰᠢ ᠲᠠᠯᠠᠷᠬᠠᠵᠤ ᠪᠠᠶᠢᠨ᠎ᠠ᠂ ︽ ᠮᠦᠩᠬᠡ ᠰᠤᠪᠠᠭ ᠲᠤ ᠭᠦᠢᠴᠡᠳᠭᠡᠬᠦ · ᠨᠢᠭᠡ ᠯᠡ | ᠤᠳᠠᠭ᠎ᠠ ᠳᠤ ᠭᠦᠢᠴᠡᠳᠭᠡᠬᠦ ︾ ᠠᠵᠢᠯ ᠳᠤ ᠰᠢᠨ᠎ᠡ ᠲᠠᠨᠢᠯᠲᠠ ᠲᠠᠢ ᠪᠣᠯᠪᠠ᠂ ᠲᠠᠨ ᠤ ᠣᠷᠣᠯᠴᠠᠭᠰᠠᠨ ᠳᠤ | ᠲᠠᠯᠠᠷᠬᠠᠵᠤ ᠪᠠᠶᠢᠨ᠎ᠠ᠂ ᠪᠠᠶᠠᠷᠲᠠᠢ︕ | ︽ᠸᠠᠩ ᠶᠢᠩ︾᠄ ᠪᠠᠶᠠᠷᠲᠠᠢ᠃ |