︽ᠬᠥᠲᠥᠯᠥᠭᠴᠢ︾᠄ ᠰᠣᠨᠣᠰᠤᠭᠴᠢᠳ ᠡ᠂ ᠲᠠ ᠣᠲᠣ ᠬᠤᠤᠯᠢᠩᠭᠤᠤᠯ ᠬᠤᠲᠠ ᠶᠢᠨ ᠬᠠᠮ ᠵᠠᠭᠤᠴᠢᠯᠠᠭᠤᠷ ᠤᠨ | ᠲᠥᠪ ᠤᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ᠂ ᠪᠢ ᠪᠣᠯ ᠬᠥᠲᠥᠯᠥᠭᠴᠢ ᠵᠢᠩ ᠾᠦᠢ᠂ ᠣᠲᠣ ᠪᠣᠯ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠠᠭ᠂ ᠥᠨᠥᠳᠥᠷ ᠪᠢᠳᠡᠨ ᠤ ᠤᠷᠢᠵᠤ ᠠᠪᠴᠢᠷᠠᠭᠰᠠᠨ ᠵᠣᠴᠢᠨ ᠪᠣᠯ ᠮᠠᠨ ᠤ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠥᠪ ᠤᠨ ᠠᠵᠢᠯᠲᠠᠨ ᠯᠢ ᠰᠢᠨ ᠴᠢ ᠪᠣᠯᠣᠨ᠎ᠠ᠃ | ᠯᠢ ᠰᠢᠨ ᠴᠢ᠂ ᠲᠠ ᠰᠠᠶᠢᠨ ᠪᠠᠶᠢᠨ᠎ᠠ ᠤᠤ︕ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠯᠭ᠎ᠠ ᠳᠤ ᠮᠣᠷᠢᠯᠠᠨ | ᠰᠠᠭᠠᠲᠠᠭᠰᠠᠨ ᠢ ᠴᠢᠨᠢ ᠪᠠᠶᠠᠷᠯᠠᠨ ᠤᠭᠲᠤᠵᠤ ᠪᠠᠶᠢᠨ᠎ᠠ᠃ | | | ︽ᠯᠢ ᠰᠢᠨ ᠴᠢ︾᠄ ᠬᠥᠲᠥᠯᠥᠭᠴᠢ ᠰᠠᠶᠢᠨ ᠤᠤ᠂ ᠷᠠᠳᠢᠣ᠋ ᠶᠢᠨ ᠡᠮᠦᠨᠡᠬᠢ ᠰᠣᠨᠣᠰᠤᠭᠴᠢᠳ ᠰᠠᠶᠢᠨ ᠤᠤ︖ᠮᠠᠨ ᠤ | ᠭᠤᠣᠯᠳᠠᠯᠭ᠎ᠠ ᠲᠠᠢ ᠵᠦᠢᠯᠡᠰ ᠤᠨ ᠬᠠᠪᠰᠤᠷᠤᠨ ᠭᠦᠢᠴᠡᠳᠬᠡᠬᠦ ᠭᠤᠣᠯ ᠠᠵᠢᠯ ᠤᠨ ᠦᠨᠳᠦᠰᠦᠨ ᠪᠠᠶᠢᠳᠠᠯ ᠢ ᠲᠠ | ᠤᠯᠠᠨ ᠳᠤ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖ | ︽ᠯᠢ ᠰᠢᠨ ᠴᠢ︾᠄ ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠢ ᠳᠡᠮᠵᠢᠯᠭᠡ ᠳᠣᠣᠷ᠎ᠠ᠂ | ᠭᠤᠣᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠲᠥᠪ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠪᠠ ᠠᠷᠠᠳ ᠣᠯᠠᠨ ᠤ ᠠᠵᠢᠯ ᠶᠠᠪᠤᠳᠠᠯ ᠰᠢᠢᠳᠪᠦᠷᠢᠯᠡᠬᠦ ᠶᠢᠨ ᠬᠦᠴᠢᠷ ᠠᠰᠠᠭᠤᠳᠠᠯ᠂ | ᠭᠤᠤᠯ ᠠᠰᠠᠭᠤᠳᠠᠯ᠂ ᠲᠦᠭᠵᠢᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠪᠠ ᠤᠯᠠᠨ | ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠶᠢ ᠬᠠᠮᠤᠭ ᠤᠨ ᠳᠡᠭᠡᠳᠦ ᠠᠵᠢᠯ ᠤᠨ ᠬᠠᠷᠠᠯᠲᠠ ᠪᠠᠨ ᠪᠣᠯᠭᠠᠵᠤ᠂ | ᠦᠨᠡᠨ ᠬᠦ ᠠᠳᠬᠤᠨ ᠪᠣᠳᠠᠲᠠᠢ ᠠᠵᠢᠯᠯᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠪᠦᠯᠬᠦᠮᠳᠡᠨ | ᠨᠢᠭᠡᠳᠴᠦ᠂ ᠡᠷᠡᠯᠬᠡᠭᠯᠡᠨ ᠲᠡᠮᠡᠴᠡᠵᠦ᠂ ᠨᠢᠭᠡ ᠪᠦᠯᠦᠭ ᠥᠪᠡᠷᠮᠢᠴᠡ ᠣᠨᠴᠠᠯᠢᠭ ᠪᠦᠬᠦᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠪ ᠵᠠᠭᠪᠤᠷ ᠢ ᠰᠦᠪᠡᠭᠴᠢᠯᠡᠨ ᠪᠦᠷᠢᠯᠳᠦᠭᠦᠯᠵᠦ᠂ ᠠᠭᠤᠯᠵᠠᠬᠤ ᠦᠭᠡᠢ ᠪᠠᠷ ᠤᠴᠢᠷ ᠶᠠᠪᠤᠳᠠᠯ ᠢ | ᠪᠦᠲᠦᠭᠡᠵᠦ ᠴᠢᠳᠠᠬᠤ᠂ ᠴᠠᠭ ᠬᠤᠷᠣᠭᠠᠬᠤ ᠦᠭᠡᠢ ᠪᠠᠷ ᠲᠦᠷᠭᠡᠨ ᠤᠴᠢᠷ ᠶᠠᠪᠤᠳᠠᠯ ᠢ ᠪᠦᠲᠦᠭᠡᠬᠦ᠂ ᠰᠡᠳᠬᠢᠯ ᠵᠣᠪᠠᠭ᠋ᠤ | ᠦᠭᠡᠢ ᠪᠠᠷ ᠤᠴᠢᠷ ᠶᠠᠪᠤᠳᠠᠯ ᠢ ᠪᠦᠲᠦᠭᠡᠬᠦ ᠶᠢ ᠪᠡᠶᠡᠯᠡᠭᠦᠯᠵᠦ᠂ ᠨᠡᠶᠢᠭᠡᠮ ᠤᠨ ᠨᠡᠯᠢᠶᠡᠳ ᠰᠠᠶᠢᠨ ᠦᠨᠡᠯᠡᠯᠲᠡ ᠶᠢ | ᠣᠯᠣᠭᠰᠠᠨ ᠪᠠᠶᠢᠨ᠎ᠠ᠃ᠤᠳᠤ ᠤᠯᠠᠨ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠲᠥᠪ ᠤᠨ ᠦᠨᠳᠦᠰᠦᠨ ᠪᠠᠶᠢᠳᠠᠯ ᠢ ᠲᠠᠨᠢᠯᠴᠠᠭᠤᠯᠤᠶ᠎ᠠ᠃ | ︽ᠬᠥᠲᠥᠯᠥᠭᠴᠢ︾᠄ ᠲᠠ ᠰᠠᠶ᠋ᠢᠬᠠᠨ︽ᠥᠪᠡᠷᠮᠢᠴᠡ ᠣᠨᠴᠠᠯᠢᠭ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠠᠭᠪᠤᠷ︾ ᠢ ᠳᠤᠷᠠᠳᠤᠭᠰᠠᠨ᠂ ᠮᠠᠨ ᠤ ᠲᠥᠪ ᠤᠨ ᠬᠢᠨ ᠡᠨᠡ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | ︽ᠯᠢ ᠰᠢᠨ ᠴᠢ︾᠄ ᠪᠠᠶᠢᠭᠤᠯᠤᠭᠳᠠᠭᠰᠠᠨ ᠠᠴᠠ ᠨᠠᠰᠢ᠂ ᠭᠤᠣᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠲᠥᠪ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ᠬᠥᠭᠵᠢᠭᠰᠡᠨ | ᠭᠠᠵᠠᠷ ᠣᠷᠣᠨ ᠤ ᠲᠡᠷᠢᠭᠦᠨ ᠤ ᠲᠤᠷᠰᠢᠯᠭ᠎ᠠ ᠳᠤ ᠴᠢᠭᠯᠡᠭᠦᠯᠦᠨ᠂ ᠣᠲᠣ ᠨᠢᠭᠡᠨᠲᠡ ︽ᠭᠤᠷᠪᠠ ᠶᠢ ᠬᠠᠪᠰᠤᠷᠤᠨ | ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠪᠡᠶᠡᠯᠡᠭᠦᠯᠦᠭᠰᠡᠨ ᠪᠠᠶᠢᠨ᠎ᠠ᠃ᠨᠢᠭᠡ ᠳᠤ ᠤᠨᠢᠨ ᠳᠡᠭᠡᠷ᠎ᠡ ᠨᠢ | ᠬᠠᠪᠰᠤᠷᠤᠨ ᠣᠷᠣᠯᠠᠭᠤᠯᠤᠨ᠎ᠠ᠃ᠲᠥᠷᠥᠯ ᠵᠦᠢᠯ ᠳᠤ ᠬᠤᠪᠢ ᠬᠥᠮᠥᠨ ᠤ ᠬᠢᠨᠠᠨ ᠵᠥᠪᠰᠢᠶᠡᠷᠡᠬᠦ ᠲᠥᠯᠥᠪᠯᠡᠭᠡ ᠶᠢ | ᠤᠷᠢᠳᠴᠢᠯᠠᠨ ᠲᠣᠭᠲᠠᠭᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠤᠪᠤᠷᠠᠯ ᠵᠢᠷᠤᠭ ᠢᠶᠠᠷ ᠡᠬᠡ ᠳᠡᠪᠲᠡᠷ | ᠪᠣᠯᠭᠠᠵᠤ᠂ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠭᠤᠣᠯ ᠪᠠ ᠳᠡᠳ᠋ ᠢ ᠭᠦᠢᠴᠡᠳᠬᠡᠬᠦ ᠴᠤᠪᠤᠷᠠᠯ᠂ | ᠭᠠᠭᠴᠠ ᠵᠦᠢᠯ ᠤᠨ ᠲᠤᠬᠠᠶᠢᠯᠠᠭᠰᠠᠨ ᠠᠵᠢᠯ ᠤᠨ ᠬᠠᠮᠤᠭ ᠤᠨ ᠰᠠᠶᠢᠨ ᠪᠡᠯᠡᠳᠬᠡᠬᠦ ᠵᠠᠩᠭᠢᠯᠠᠭ᠎ᠠ ᠶᠢᠨ ᠴᠢᠭ᠋᠂ ᠣᠯᠠᠨ | ᠵᠦᠢᠯ ᠤᠨ ᠲᠤᠬᠠᠶᠢᠯᠠᠭᠰᠠᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠲᠥᠰᠥᠯ ᠳᠤ ᠲᠤᠰᠬᠠᠢ ᠮᠡᠷᠭᠡᠵᠢᠯ ᠤᠨ | ᠤᠯᠠᠷᠢᠭᠤᠯᠤᠯᠲᠠ᠂ ᠨᠠᠷᠢᠯᠢᠭ ᠣᠨᠣᠴᠠᠲᠠᠢ ᠦᠢᠯᠡᠴᠢᠯᠡᠭᠡ ᠬᠠᠩᠭᠠᠨ᠎ᠠ︔ᠬᠤᠶᠠᠷ ᠲᠤ᠂ ᠭᠡᠷ ᠲᠤᠨᠢ ᠬᠦᠷᠴᠦ | ᠬᠠᠪᠰᠤᠷᠤᠨ ᠣᠷᠣᠯᠠᠨ᠎ᠠ᠃ᠰᠠᠨᠠᠭᠠᠴᠢᠯᠠᠭ᠎ᠠ ᠠᠴᠠ ᠪᠠᠨ ᠲᠦᠷᠦᠯ ᠵᠦᠢᠯ ᠢ ᠰᠤᠷᠪᠤᠯᠵᠢᠯᠠᠵᠤ᠂ ᠠᠵᠤ ᠠᠬᠤᠶᠢᠯᠠᠯ ᠤᠨ | ᠰᠠᠨᠠᠯ ᠢ ᠨᠢᠭᠤᠷᠳᠠᠨ ᠬᠤᠷᠢᠶᠠᠵᠤ᠂ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠲᠦᠷᠦᠯ ᠵᠦᠢᠯ ᠳᠤ ᠰᠠᠨᠠᠭᠠᠴᠢᠯᠠᠭ᠎ᠠ ᠠᠴᠠ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠠᠩᠭᠠᠵᠤ᠂ ᠲᠦᠷᠦᠯ ᠵᠦᠢᠯ ᠨᠢᠭᠡᠪᠦᠷᠢ ᠳᠤ ᠦᠢᠯᠡᠴᠢᠯᠡᠭᠡᠨ ᠤ ᠡᠬᠡ ᠳᠠᠩᠰᠠ ᠪᠠᠶᠢᠭᠤᠯᠵᠤ ᠥᠭᠭᠦᠨ᠎ᠡ︔ᠭᠤᠷᠪᠠ ᠳᠤ | ᠪᠥᠬᠦ ᠶᠠᠪᠤᠴᠠ ᠳᠤ ᠬᠠᠪᠰᠤᠷᠤᠨ ᠣᠷᠣᠯᠠᠭᠤᠯᠤᠨ᠎ᠠ᠃ᠠᠵᠤ ᠠᠬᠤᠶᠢᠯᠠᠯ ᠨᠡᠭᠡᠭᠡᠨ ᠡᠷᠭᠢᠯᠡᠬᠦ᠂ ᠭᠠᠵᠠᠷ ᠰᠢᠷᠣᠢ ᠶᠢᠨ | ᠳᠠᠭᠠᠭᠠᠴᠢᠯᠠᠯᠲᠠ ᠵᠠᠷᠯᠠᠬᠤ ᠫᠠᠶᠢᠰᠠ ᠡᠯᠭᠦᠬᠦ᠂ ᠲᠥᠷᠥᠯ ᠵᠦᠢᠯ ᠤᠨ ᠲᠥᠷᠥᠯ ᠵᠦᠢᠯ ᠲᠣᠭᠲᠠᠭᠠᠬᠤ ᠠᠴᠠ ᠪᠠᠷᠢᠯᠭ᠎ᠠ | ᠳᠠᠭᠤᠰᠴᠤ ᠰᠢᠯᠭᠠᠨ ᠠᠪᠬᠤ ᠬᠦᠷᠲᠡᠯᠡᠬᠢ ᠵᠠᠰᠠᠭ ᠵᠠᠬᠢᠷᠭᠠᠨ ᠤ ᠵᠥᠪᠰᠢᠶᠡᠷᠡᠯ ᠵᠢᠴᠢ ᠪᠤᠰᠤᠳ ᠵᠦᠢᠯᠡᠰ ᠢ ᠪᠦᠬᠦᠨ ᠢ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠬᠡᠪᠴᠢᠶᠡᠨ ᠳᠤ ᠣᠷᠣᠭᠤᠯᠵᠤ᠂ ᠲᠤᠰᠬᠠᠢ ᠬᠥᠮᠥᠨ ᠢ | ᠲᠣᠬᠢᠷᠠᠭᠤᠯᠤᠨ ︽ᠨᠢᠭᠡ ᠳᠤ ᠨᠢᠭᠡ︾ ᠶᠢ ᠳᠠᠭᠠᠵᠤ᠂ ︽ᠪᠥᠬᠦ ᠲᠠᠯ᠎ᠠ ᠪᠠᠷ︾ ᠦᠢᠯᠡᠴᠢᠯᠡᠭᠦᠯᠦᠨ᠎ᠡ᠃ | ︽ᠬᠥᠲᠥᠯᠥᠭᠴᠢ︾᠄ ᠲᠡᠭᠡᠪᠡᠯ ᠲᠠ ᠭᠤᠣᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠲᠥᠪ ᠤᠨ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ ᠪᠠᠶᠢᠭᠠᠳ ᠠᠵᠤ ᠠᠬᠤᠶᠢᠯᠠᠯ ᠤᠨ ᠣᠯᠠᠨ | ᠲᠦᠮᠡᠨ ᠳᠤ ᠬᠡᠷᠬᠢᠨ ᠨᠠᠩ ᠰᠠᠶᠢᠨ ᠦᠢᠯᠡᠴᠢᠯᠡᠵᠦ ᠪᠠᠶᠢᠬᠤ ᠶᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠤᠤ︖ | ᠲᠠ ᠣᠯᠠᠨ ᠳᠤ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖ | ︽ᠯᠢ ᠰᠢᠨ ᠴᠢ︾᠄ ᠣᠳᠣᠬᠠᠨ ᠳᠤ ᠮᠠᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠲᠥᠪ ᠤᠨ ᠬᠢᠨ ︽ᠬᠤᠶᠠᠷ ᠲᠣᠭᠲᠠᠴᠠ︾ ᠳᠤ ᠰᠢᠨ᠎ᠡ ᠶᠢ ᠡᠭᠦᠳᠬᠦ ᠶᠢᠨ ᠬᠠᠮᠲᠤ | ᠨᠠᠶᠢᠳᠠᠪᠤᠷᠢᠵᠢᠭᠤᠯᠵᠤ ᠪᠠᠶᠢᠨ᠎ᠠ᠃ᠨᠢᠭᠡ ᠳᠤ ︽ᠬᠤᠥᠯᠢᠨ ᠭᠤᠣᠯ ᠬᠤᠲᠠ ᠶᠢᠨ ᠠᠵᠤ ᠠᠬᠤᠶᠢᠯᠠᠯ ︵ᠠᠵᠤ | ᠦᠢᠯᠡᠳᠪᠦᠷᠢ ᠶᠢᠨ ᠲᠥᠷᠥᠯ︶ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠳᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ︔ᠬᠤᠶᠠᠷ ᠲᠤ᠂ ᠭᠥᠯᠢᠶᠡᠨ ᠠᠪᠴᠤ | ᠰᠢᠢᠳᠪᠦᠷᠢᠯᠡᠬᠦ ᠨᠠᠷᠢᠨ ᠳᠠᠩᠰᠠ ᠶᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠡᠬᠢᠯᠡᠬᠦ ᠴᠠᠭ ᠢ ᠶᠡᠭᠡ ᠪᠠᠷ | ᠪᠠᠭᠠᠰᠬᠠᠪᠠ᠃ᠡᠭᠦᠨ ᠤ ᠬᠠᠮᠲᠤ ᠪᠠᠰᠠ ︽ᠭᠤᠷᠪᠠᠨ ᠪᠠᠲᠤᠯᠠᠭ᠎ᠠ︾ ᠶᠢ ᠴᠢᠩᠭᠠᠳᠬᠠᠪᠠ᠃ᠨᠢᠭᠡ ᠳᠤ ᠲᠦᠷᠦ ᠶᠢᠨ | ᠪᠣᠳᠣᠯᠭ᠎ᠠ ᠶᠢᠨ︽ᠨᠡᠶᠢᠯᠡᠭᠦᠯᠦᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠪᠢᠴᠢᠭ | ᠮᠠᠲ᠋ᠧᠷᠢᠶᠠᠯ ᠤᠨ ᠶᠣᠰᠣᠭᠠᠷ᠂ ᠳᠦᠷᠢᠮ ᠤᠨ ᠲᠠᠯ᠎ᠠ ᠠᠴᠠ ᠬᠦᠴᠦᠲᠡᠢ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠨ᠎ᠠ︔ | ᠬᠤᠶᠠᠷ ᠲᠤ ᠪᠣᠯᠪᠠᠰᠤᠷᠠᠭᠤᠯᠤᠯ ᠤᠨ ᠪᠠᠲᠤᠯᠠᠭ᠎ᠠ ᠶᠢ ᠴᠢᠩᠭᠠᠳᠬᠠᠨ᠎ᠠ᠃ᠪᠣᠯᠪᠠᠰᠤᠷᠠᠭᠤᠯᠤᠯ ᠤᠨ ᠬᠤᠷᠠᠯ᠂ ᠶᠠᠷᠢᠯᠴᠠᠬᠤ | ᠬᠤᠷᠠᠯ᠂ ᠠᠩᠭᠢ ᠳᠠᠭᠠᠵᠤ ᠰᠤᠷᠤᠯᠴᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠬᠠᠪᠰᠤᠷᠤᠨ ᠭᠦᠢᠴᠡᠳᠭᠡᠭᠴᠢ ᠶᠢᠨ | ᠬᠠᠪᠰᠤᠷᠤᠨ ᠭᠦᠢᠴᠡᠳᠬᠡᠬᠦ ᠴᠢᠳᠠᠪᠤᠷᠢ ᠶᠢ ᠴᠢᠩᠭᠠᠷᠠᠭᠤᠯᠵᠤ᠂ ᠠᠵᠢᠯᠲᠠᠨ ᠨᠢᠭᠡᠪᠦᠷᠢ ᠶᠢ ᠤᠷᠢᠳᠴᠢᠯᠠᠨ ᠬᠢᠨᠠᠵᠤ | ᠮᠡᠳᠡᠭᠦᠯᠬᠦ ᠮᠠᠲ᠋ᠧᠷᠢᠶᠠᠯ ᠤᠨ ᠴᠢᠳᠠᠪᠤᠷᠢ ᠲᠠᠢ ᠪᠣᠯᠭᠠᠬᠤ ᠪᠠᠷ ᠪᠠᠷᠠᠬᠤ ᠦᠭᠡᠢ᠂ ᠨᠠᠷᠢᠯᠢᠭ ᠣᠨᠣᠴᠠᠲᠠᠢ ᠪᠠᠷ | ᠵᠣᠯᠭᠠᠭᠤᠯᠬᠤ᠂ ᠨᠡᠪᠲᠡᠷᠡᠯᠴᠡᠨ ᠵᠣᠬᠢᠴᠠᠭᠤᠯᠬᠤ᠂ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠣᠯᠭᠠᠬᠤ ᠬᠡᠷᠡᠭᠲᠡᠢ︔ | ᠭᠤᠷᠪᠠ ᠳᠤ ᠤᠬᠠᠭᠤᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃︽ᠠᠮᠠᠯᠳᠠᠨ ᠭᠦᠢᠴᠡᠳᠬᠡᠬᠦ ᠴᠠᠭ ᠤᠨ ᠬᠢᠵᠠᠭᠠᠷ᠂ | ᠨᠢᠭᠡ ᠯᠡ ᠤᠳᠠᠭ᠎ᠠ ᠳᠤ ᠮᠡᠳᠡᠭᠳᠡᠬᠦ︾ ᠵᠡᠷᠭᠡ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠠᠷᠢᠶ᠎ᠠ | ᠬᠡᠯᠡᠯᠴᠡᠭᠡᠨ ᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠥᠭᠡᠷᠡᠴᠢᠯᠡᠯᠲᠡ ᠶᠢᠨ ᠥᠨᠳᠥᠷ ᠪᠦᠲᠦᠮᠵᠢᠲᠡᠶ ᠬᠡᠷᠡᠭᠵᠢᠭᠦᠯᠦᠭᠳᠡᠬᠦ ᠶᠢ ᠲᠦᠯᠬᠢᠨ ᠠᠬᠢᠭᠤᠯᠵᠤ᠂ ᠦᠢᠯᠡᠴᠢᠯᠡᠭᠡᠨ ᠤ | ᠬᠢᠷᠢ ᠬᠡᠮᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ ᠲᠦᠷᠭᠡᠨ ᠪᠥᠭᠡᠳ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ | ᠪᠡᠶᠡᠯᠡᠭᠦᠯᠪᠡ᠃ | ︽ᠬᠥᠲᠥᠯᠥᠭᠴᠢ︾᠄ ᠲᠡᠶᠢᠮᠦ ᠠ᠋᠂ ᠭᠤᠣᠯᠳᠠᠯᠭ᠎ᠠ ᠲᠠᠢ ᠲᠥᠷᠥᠯ ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠲᠥᠪ ᠢ ᠪᠠᠶᠢᠭᠤᠯᠤᠭᠰᠠᠨ ᠨᠢ ᠠᠵᠤ ᠠᠬᠤᠶᠢᠯᠠᠯ ᠪᠠ ᠣᠯᠠᠨ ᠲᠦᠮᠡᠨ ᠳᠤ ᠳᠣᠲᠣᠨᠣ ᠦᠢᠯᠡᠴᠢᠯᠡᠭᠡ | ᠬᠠᠩᠭᠠᠵᠤ᠂ ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠨᠠᠩ ᠬᠠᠯᠠᠭᠤᠨ ᠲᠠᠢ | ᠪᠣᠯᠭᠠᠵᠠᠢ᠃ | ︽ᠯᠢ ᠰᠢᠨ ᠴᠢ︾᠄ ᠲᠡᠶᠢᠮᠦ ᠠ᠋᠂ ᠥᠭᠡᠷᠡᠴᠢᠯᠡᠯᠲᠡ ᠬᠡᠵᠢᠶᠡᠳᠡ ᠳᠠᠭᠤᠰᠤᠰᠢ ᠦᠭᠡᠢ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠡᠶᠢᠮᠦ ᠰᠠᠷᠠᠭᠤᠯ ᠳᠠᠷᠳᠠᠩ ᠪᠢᠰᠢ᠂ ᠢᠷᠡᠭᠡᠳᠦᠢ ᠳᠤ ᠪᠠᠰᠠ ᠡᠯ᠎ᠡ | ᠵᠦᠢᠯ ᠤᠨ ᠠᠶᠤᠯ ᠲᠦᠭᠰᠢᠭᠦᠷᠢ ᠪᠠ ᠰᠢᠯᠭᠠᠯᠲᠠ ᠳᠤ ᠤᠴᠠᠷᠠᠬᠤ ᠪᠣᠯᠣᠨ᠎ᠠ᠃ᠬᠤᠶᠢᠰᠢᠳᠠ ᠶᠢᠨ ᠠᠵᠢᠯ ᠤᠨ | ᠳᠤᠮᠳᠠ ᠪᠠᠨ ᠪᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠪᠴᠢᠶ᠎ᠠ ᠶᠢᠨ ᠭᠤᠣᠯᠳᠠᠯᠭ᠎ᠠ ᠲᠠᠢ ᠵᠦᠢᠯᠡᠰ ᠤᠨ | ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠥᠪ ᠢ ᠲᠥᠯᠥᠭᠡᠯᠡᠨ᠂ ᠨᠡᠶᠢᠭᠡᠮ ᠤᠨ ᠡᠯ᠎ᠡ ᠡᠲᠡᠭᠡᠳ ᠤᠨ | ᠬᠢᠨ ᠤ ᠤᠷᠳᠤ ᠬᠤᠭᠤᠴᠠᠭᠠᠨ ᠤ ᠲᠤᠷᠰᠢ ᠮᠠᠨ ᠤ ᠲᠣᠪᠴᠢᠶ᠎ᠠ ᠶᠢᠨ ᠠᠵᠢᠯ ᠢ ᠬᠠᠯᠠᠮᠵᠢᠯᠠᠨ ᠣᠶᠢᠯᠠᠭᠠᠵᠤ᠂ | ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ!ᠤᠯᠠᠨ ᠢᠶᠠᠷ ᠢᠶᠠᠨ ᠪᠢᠳᠡᠨ ᠳᠤ | ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠪᠢᠳᠡ | ᠡᠷᠡᠰ ᠵᠣᠷᠢᠭ ᠲᠠᠢ᠂ ᠰᠥᠰᠥ ᠵᠣᠷᠢᠭ ᠲᠠᠢ᠂ ᠬᠠᠷᠠᠯᠲᠠ ᠲᠠᠢ᠂ ᠠᠷᠭ᠎ᠠ ᠲᠠᠢ ᠪᠠᠶᠢᠵᠤ᠂ ᠪᠦᠬᠦ ᠬᠤᠳᠠ ᠶᠢᠨ︽ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠤ ᠪᠣᠭᠤᠮᠲᠠ ᠰᠢᠪᠲᠤᠯᠬᠤ ᠣᠨ︾︾ ᠤ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ | ᠯᠠᠪᠳᠠᠭᠤᠨ ᠪᠠᠲᠤᠲᠠᠢ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠠᠵᠢᠯᠯᠠᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ᠂ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ | ᠦᠨᠡᠨᠬᠦ ᠴᠢᠨᠠᠷ ᠰᠠᠶᠢᠲᠠᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠪᠠᠷ ᠪᠦᠬᠦ ᠬᠤᠳᠠ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ᠃ | ︽ᠬᠥᠲᠥᠯᠥᠭᠴᠢ︾᠄ ᠮᠠᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠵᠦ᠂ ᠭᠤᠣᠯᠳᠠᠯᠭ᠎ᠠ ᠲᠠᠢ ᠲᠥᠷᠥᠯ | ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠥᠪ ᠤᠨ ᠬᠠᠮᠢᠶ᠎ᠠ ᠪᠦᠬᠦᠢ ᠠᠵᠢᠯ ᠳᠤ ᠮᠠᠳᠠᠭ ᠲᠠᠢ | ᠠᠰᠠᠭᠤᠯᠲᠠ ᠶᠢ ᠬᠠᠷᠢᠭᠤᠯᠵᠤ ᠥᠭᠭᠦᠭᠰᠡᠨ ᠳᠤ ᠴᠢᠨᠢ ᠮᠠᠰᠢ ᠲᠠᠯᠠᠷᠬᠠᠵᠤ ᠪᠠᠶᠢᠨ᠎ᠠ᠂ ᠲᠠᠨ ᠤ ᠠᠵᠢᠯ ᠳᠠᠭᠠᠨ ᠪᠠᠶᠠᠷ | ᠬᠥᠷ ᠲᠠᠢ᠂ ᠪᠠᠶᠠᠷᠲᠠᠢ ᠪᠠᠶᠢᠬᠤ ᠶᠢ ᠢᠷᠦᠭᠡᠶ᠎ᠡ︕ | ︽ᠯᠢ ᠰᠢᠨ ᠴᠢ︾᠄ ᠪᠠᠶᠠᠷᠲᠠᠢ᠃ |