ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠶᠢᠨ ᠲᠥᠯᠥᠭᠡ᠂ ᠪᠦᠬᠦ ᠬᠤᠳᠠ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ | ᠪᠣᠯᠭᠠᠬᠤ ᠶᠢᠨ ᠲᠥᠯᠥᠭᠡ᠂ 11 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠳᠠ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ᠪᠦᠬᠦ ᠬᠤᠳᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ | | | | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠤᠷᠲᠠᠯ ᠤᠬᠠᠭᠤᠯᠭ᠎ᠠ ᠰᠣᠶᠣᠯ ᠤᠨ ᠰᠢᠰᠲ᠋ᠧᠮ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠤᠷᠠᠯ ᠪᠣᠯᠣᠨ | ᠲᠦᠩᠯᠢᠶᠣᠣ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠸᠢᠳᠢᠤ᠋ | ᠬᠤᠷᠠᠯ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠤᠯᠠᠮᠵᠢᠯᠠᠵᠤ᠂ ᠪᠦᠬᠦ ᠬᠤᠲᠠ ᠶᠢᠨ ᠬᠤᠷᠢᠳᠤᠭᠠᠷ ᠶᠡᠭᠡ | ᠬᠤᠷᠠᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠣᠬᠢᠶᠠᠨ ᠪᠠᠶᠢᠭᠤᠯᠤᠭᠰᠠᠨ ᠨᠢᠭᠡᠴᠡ ᠵᠢᠴᠢ ᠰᠤᠮᠤ ᠵᠡᠭᠡᠯᠢ | ᠭᠤᠳᠤᠮᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ᠂ ᠪᠦᠬᠦ ᠬᠤᠳᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠬᠤ ᠠᠵᠢᠯ ᠢ ᠭᠤᠷᠪᠠᠨ ᠲᠠᠯ᠎ᠠ ᠠᠴᠠ ᠰᠠᠶᠢᠲᠤᠷ ᠲᠤᠭᠤᠰᠢᠯᠠᠭᠤᠯᠤᠨᠨᠠᠶᠢᠳᠠᠪᠤᠷᠢᠵᠢᠭᠤᠯᠬᠤ ᠬᠡᠷᠡᠭᠲᠡᠢ᠃ | ᠨᠢᠭᠡ ᠳᠤ᠂ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠤᠨ᠎ᠠ᠃ᠤᠯᠤᠰ ᠲᠦᠷᠦ ᠶᠢᠨ ᠬᠡᠪ | ᠴᠢᠨᠠᠷ ᠢᠶᠠᠷ ᠰᠠᠶᠢᠨ᠂ ᠤᠨᠤᠯ ᠤᠨ ᠬᠢᠷᠢ ᠲᠦᠪᠰᠢᠨ ᠢᠶᠠᠷ ᠥᠨᠳᠥᠷ᠂ ᠤᠬᠠᠭᠤᠯᠤᠨ ᠲᠠᠶᠢᠯᠪᠤᠷᠢᠯᠠᠬᠤ ᠴᠢᠳᠠᠪᠤᠷᠢ ᠪᠠᠷ | ᠴᠢᠩᠭ᠎ᠠ ᠭᠤᠣᠯᠯᠠᠭᠴᠢ ᠬᠦᠴᠦᠨ ᠢ ᠨᠠᠷᠢᠨ ᠨᠢᠮᠪᠠᠢ ᠰᠢᠯᠢᠨ ᠰᠣᠩᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠳᠤ ᠣᠷᠣᠭᠤᠯᠵᠤ᠂ ᠪᠣᠳᠠᠲᠠᠢ ᠲᠠᠢ ᠲᠡᠷᠡ ᠬᠡᠪ ᠢᠶᠠᠷ ᠨᠢ | ᠤᠶᠠᠯᠳᠤᠭᠤᠯᠵᠤ᠂ ᠶᠡᠭᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠨᠡᠪᠲᠡᠷᠬᠡᠢ ᠡᠵᠡᠮᠰᠢᠵᠦ᠂ ᠲᠤᠰ ᠬᠦᠷᠢᠶᠡᠨ ᠤ | ᠠᠵᠢᠯ ᠲᠠᠢ ᠪᠠᠨ ᠰᠠᠶᠢᠲᠤᠷ ᠤᠶᠠᠯᠳᠤᠭᠤᠯᠵᠤ᠂ ᠤᠬᠠᠭᠤᠯᠤᠨ ᠲᠠᠶᠢᠯᠪᠤᠷᠢᠯᠠᠬᠤ ᠨᠣᠣᠷᠠᠭ ᠢ ᠨᠠᠷᠢᠨ ᠨᠢᠮᠪᠠᠢ ᠪᠡᠯᠡᠳᠬᠡᠬᠦ | ᠬᠡᠷᠡᠭᠲᠡᠢ᠃ᠬᠤᠶᠠᠷ ᠲᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠰᠠᠶᠢᠲᠤᠷ ᠡᠵᠡᠮᠳᠡᠨ᠎ᠡ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠢᠯᠡᠳᠬᠡᠯ᠂ ᠨᠠᠮ ᠤᠨ ᠳᠦᠷᠢᠮ ᠪᠣᠯᠣᠨ ᠰᠢ ᠶᠢᠨ ᠫᠢᠩ ᠤᠨ ᠶᠡᠷᠦᠩᠬᠡᠢ ᠱᠦᠵᠢ ᠶᠢᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠᠷ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠨᠠᠮ ᠤᠨ ᠲᠥᠪ | ᠬᠤᠷᠢᠶᠠᠨ ᠤ ᠵᠥᠪᠰᠢᠶᠡᠷᠡᠭᠰᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠬᠤ ᠲᠣᠪᠴᠢ ᠪᠠᠷ ᠦᠨᠳᠦᠰᠦᠨ ᠦᠨᠳᠦᠰᠦᠯᠡᠯ ᠪᠣᠯᠭᠠᠵᠤ᠂ ᠳᠤᠯᠤᠭ᠎ᠠ︽ᠲᠣᠳᠣᠷᠬᠠᠢ ᠲᠠᠶᠢᠯᠪᠤᠷᠢᠯᠠᠬᠤ︾ | ᠤᠬᠠᠭᠤᠯᠤᠨ ᠲᠠᠶᠢᠯᠪᠤᠷᠢᠯᠠᠬᠤ ᠱᠠᠭᠠᠷᠳᠠᠯᠭ᠎ᠠ ᠶᠢ ᠰᠠᠶᠢᠲᠤᠷ ᠡᠵᠡᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠠᠶᠢᠯᠪᠤᠷᠢᠯᠠᠨ ᠲᠠᠶᠢᠯᠪᠤᠷᠢᠯᠠᠬᠤ ᠬᠡᠷᠡᠭᠲᠡᠢ᠃ᠭᠤᠷᠪᠠ ᠳᠤ᠂ | ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠶᠢ ᠰᠠᠶᠢᠲᠤᠷ ᠰᠣᠩᠭᠤᠬᠤ ᠬᠡᠷᠡᠭᠲᠡᠢ᠃ᠳ᠋ᠦᠢᠰᠢᠶᠠᠩᠴᠢᠯᠠᠬᠤ᠂ ᠤᠯᠠᠨ | ᠲᠦᠮᠡᠨᠴᠢᠯᠡᠬᠦ᠂ ᠬᠠᠷᠢᠯᠴᠠᠨ ᠦᠢᠯᠡᠳᠦᠯᠴᠡᠬᠦ ᠤᠬᠠᠭᠤᠯᠤᠨ ᠲᠠᠶᠢᠯᠪᠤᠷᠢᠯᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ | ᠦᠨᠳᠦᠰᠦᠨ ᠱᠠᠲᠤᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ︵ᠭᠠᠵᠠᠷ᠂ ᠦᠷᠳᠡᠭᠡ︶ ᠵᠡᠷᠭᠡ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠵᠤ᠂ ᠰᠦᠯᠵᠢᠶᠡᠨ | ᠭᠠᠳᠠᠨᠠᠬᠢ ᠬᠡᠪ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂ ᠤᠬᠠᠭᠤᠯᠤᠨ | ᠲᠠᠶᠢᠯᠪᠤᠷᠢᠯᠠᠬᠤ ᠬᠢᠴᠢᠶᠡᠯ ᠢ ᠰᠢᠩᠭᠡᠬᠡᠨ ᠦᠢᠯᠡᠳᠬᠦ᠂ ᠤᠬᠠᠭᠤᠯᠤᠨ ᠲᠠᠶᠢᠯᠪᠤᠷᠢᠯᠠᠬᠤ ᠸᠢᠳᠢᠤ᠋ ᠦᠢᠯᠡᠳᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ ᠰᠦᠯᠵᠢᠶᠡᠨ ᠳᠡᠭᠡᠷᠡᠬᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠬᠦᠷᠢᠶ᠎ᠡ᠂ ᠡᠯ᠎ᠡ ᠹᠷᠣᠨᠲ ᠲᠤ ᠦᠳᠲᠡᠷ | ᠲᠦᠷᠭᠡᠨ ᠳᠠᠮᠵᠢᠭᠤᠯᠬᠤ ᠬᠡᠷᠡᠭᠲᠡᠢ ᠬᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠥᠪᠯᠡᠷᠡᠭᠦᠯᠦᠨ ᠤᠬᠠᠭᠤᠯᠤᠨ ᠲᠠᠶᠢᠯᠪᠤᠷᠢᠯᠠᠬᠤ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠢ ᠶᠤᠮ᠂ | ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠷ᠂ | ᠳᠡᠭᠡᠳᠦ ᠪᠠᠶᠢᠷᠢ ᠠᠴᠠ ᠨᠢᠭᠡᠳᠦᠯᠲᠡᠢ ᠲᠥᠯᠥᠪᠵᠢᠭᠦᠯᠵᠦ᠂ ᠳᠡᠭᠡᠳᠦ ᠴᠢᠨᠠᠷᠲᠠᠢ ᠪᠠᠷ ᠤᠬᠠᠭᠤᠯᠤᠨ ᠲᠠᠶᠢᠯᠪᠤᠷᠢᠯᠠᠬᠤ ᠶᠢ | ᠠᠬᠢᠭᠤᠯᠵᠤ᠂ ᠪᠦᠬᠦ ᠬᠤᠳᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠢᠭᠠᠭᠰᠠᠨ ᠴᠢᠭᠯᠡᠯ ᠢᠶᠠᠷ ᠡᠷᠡᠰ | ᠤᠷᠤᠭᠰᠢᠯᠠᠬᠤ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠠᠵᠢᠯ ᠢᠶᠠᠨ ᠰᠠᠶᠢᠲᠤᠷ ᠬᠢᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠬᠤᠣᠯᠢᠨ ᠭᠤᠣᠯ ᠬᠤᠳᠠ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ | ᠬᠡᠷᠡᠭᠲᠡᠢ ᠬᠡᠵᠠᠢ᠃ |