11 ᠰᠠᠷ᠎ᠠ ᠶᠢᠨ 8 ᠤ ᠡᠳᠦᠷ᠂ ᠥᠷᠢᠰᠦᠯᠳᠦᠭᠡᠨ ᠤ ᠬᠦᠴᠦᠨ ᠤ ᠣᠶᠤᠨ ᠤ ᠬᠥᠮᠥᠷᠭᠡ᠂ ᠪᠡᠭᠡᠵᠢᠩ ᠤᠨ ᠵᠥᠩ | ᠰᠢᠨ ᠬᠤᠲᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠵᠡᠷᠭᠡ | ᠪᠠᠶᠢᠭᠤᠯᠤᠮᠵᠢ ᠬᠠᠮᠲᠤᠷᠠᠨ ︽ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠰᠢᠶᠠᠨ ᠤ | ᠬᠡᠪᠴᠢᠶᠡᠨ ᠤ ᠬᠥᠭᠵᠢᠯᠲᠡ ᠶᠢᠨ ᠬᠢᠨᠠᠨ ᠬᠡᠮᠵᠢᠯᠲᠡ ᠶᠢᠨ ᠮᠡᠳᠡᠭᠦᠯᠦᠯᠲᠡ 2022︾ ︵ᠳᠣᠷᠣᠭᠰᠢ ︽ᠮᠡᠳᠡᠭᠦᠯᠦᠯᠲᠡ | ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ︽2022 ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠵᠠᠭᠤᠨ | ᠬᠦᠴᠦᠷᠬᠡᠭ ᠰᠢᠶᠠᠨ ᠬᠤᠲᠠ︾ ᠶᠢᠨ ᠨᠡᠷᠡᠰ ᠢ ᠨᠡᠶᠢᠲᠡᠯᠡᠪᠡ᠂ ᠮᠠᠨ ᠤ ᠬᠤᠲᠠ 2022 ᠳᠤᠮᠳᠠᠳᠤ ᠤᠯᠤᠰ ᠤᠨ | ᠪᠠᠷᠠᠭᠤᠨ ᠬᠡᠰᠡᠭ ᠤᠨ ᠵᠠᠭᠤᠨ ᠬᠦᠴᠦᠷᠬᠡᠭ ᠰᠢᠶᠠᠨ ᠬᠤᠲᠠ ᠶᠢᠨ 44 ᠳ᠋ᠤᠭᠠᠷ ᠲᠤ ᠵᠢᠭᠰᠠᠭᠠᠭᠳᠠᠵᠠᠢ᠃ | | | | | | | | ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠰᠢᠶᠠᠨ ᠤ ᠬᠡᠪᠴᠢᠶᠡᠨ ᠤ ᠬᠥᠭᠵᠢᠯᠲᠡ ᠶᠢ | ᠬᠢᠨᠠᠨ ᠬᠡᠮᠵᠢᠵᠦ ᠦᠨᠡᠯᠡᠬᠦ ᠡᠲᠡᠭᠡᠳ ᠪᠣᠯ ᠪᠠᠷᠠᠭᠤᠨ ᠬᠡᠰᠡᠭ ᠤᠨ ᠭᠠᠵᠠᠷ ᠣᠷᠣᠨ ᠤ 12 ᠮᠤᠵᠢ ︵ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠶᠢᠨ ᠪᠥᠬᠦ ᠰᠢᠶᠠᠨ ᠤ ᠬᠡᠪᠴᠢᠶᠡᠨ ᠤ ᠨᠢᠭᠡᠴᠢ ᠪᠣᠯᠣᠨ᠎ᠠ᠂ ᠠᠵᠤ | ᠠᠬᠤᠢ ᠶᠢᠨ ᠬᠡᠪᠴᠢᠶ᠎ᠡ᠂ ᠠᠷᠠᠳ ᠤᠨ ᠠᠮᠢᠳᠤᠷᠠᠯ᠂ ᠠᠵᠤ ᠠᠬᠤᠢ ᠶᠢᠨ ᠠᠮᠢᠵᠢᠷᠠᠯ ᠤᠨ ᠬᠦᠴᠦᠨ᠂ ᠬᠥᠭᠵᠢᠯᠲᠡ ᠶᠢᠨ | ᠶᠠᠰᠤ ᠴᠢᠨᠠᠷ ᠵᠡᠷᠭᠡ ᠳᠥᠷᠪᠡᠨ ᠲᠠᠯ᠎ᠠ ᠠᠴᠠ ᠦᠨᠡᠯᠡᠯᠲᠡ ᠬᠢᠵᠦ᠂ ᠳᠥᠷᠪᠡᠨ ᠬᠤᠪᠢᠶᠠᠷᠢ ᠵᠦᠢᠯ ᠤᠨ ᠵᠢᠭᠠᠯᠲᠠ ᠲᠤᠭ᠎ᠠ | ᠨᠢ ᠥᠷᠢᠰᠦᠯᠳᠦᠬᠦ ᠬᠦᠴᠦᠨ ᠤ ᠵᠢᠭᠠᠯᠲᠠ ᠲᠤᠭ᠎ᠠ ᠶᠢ ᠨᠡᠶᠢᠯᠡᠭᠦᠯᠵᠦ᠂ ᠬᠤᠲᠠ ᠶᠢᠨ ᠶᠡᠷᠦᠩᠬᠡᠶᠢᠯᠡᠭᠰᠡᠨ | ᠥᠷᠢᠰᠦᠯᠳᠦᠭᠡᠨ ᠤ ᠬᠢᠷᠢ ᠬᠡᠮᠵᠢᠶ᠎ᠡ ᠶᠢ ᠬᠡᠮᠵᠢᠪᠡ᠃ᠡᠭᠦᠨ ᠳᠤ᠂ ᠥᠷᠢᠰᠦᠯᠳᠦᠬᠦ ᠬᠦᠴᠦᠨ ᠤ ᠢᠯᠡᠳᠬᠡᠭᠴᠢ | ᠲᠤᠭ᠎ᠠ ᠶᠢᠨ ᠡᠮᠦᠨ᠎ᠡ 100 ᠶᠢ ᠨᠢ ︽ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠤ ᠵᠠᠭᠤᠨ ᠬᠦᠴᠦᠷᠬᠡᠭ ᠰᠢᠶᠠᠨ ᠬᠤᠲᠠ︾ ᠭᠡᠵᠦ᠂ ᠳᠥᠭᠦᠮᠴᠢᠯᠡᠭᠡᠳ ︽ | ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠵᠠᠭᠤᠨ ᠬᠦᠴᠦᠷᠬᠡᠭ ᠰᠢᠶᠠᠨ ᠬᠤᠲᠠ︾ ᠭᠡᠳᠡᠭ᠃ | ︽ᠮᠡᠳᠡᠭᠦᠯᠦᠯᠲᠡ︾ ᠠᠴᠠ ᠦᠵᠡᠪᠡᠯ᠂ 2021 ᠳᠤᠮᠳᠠᠳᠤ ᠤᠯᠤᠰ ᠤᠨ ᠪᠠᠷᠠᠭᠤᠨ ᠬᠡᠰᠡᠭ ᠤᠨ ᠵᠠᠭᠤᠨ | ᠬᠦᠴᠦᠷᠬᠡᠭ ᠰᠢᠶᠠᠨ ᠬᠤᠲᠠ ᠨᠢ 11 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ | ᠲᠠᠷᠬᠠᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠰᠢᠶᠠᠨ ᠬᠤᠲᠠ ᠨᠡᠷᠡᠰ ᠤᠨ | ᠵᠢᠭᠰᠠᠭᠠᠯᠲᠠ ᠳᠤ ᠣᠷᠣᠵᠤ᠂ ᠲᠣᠰ ᠲᠣᠰ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤ᠂ ᠣᠲᠤᠭ ᠬᠤᠰᠢᠭᠤ | ᠂ ᠦᠦᠰᠢᠨ ᠬᠤᠰᠢᠭᠤ᠂ ᠳᠠᠯᠠᠳ ᠬᠤᠰᠢᠭᠤ᠂ ᠰᠢᠯᠢᠩᠬᠤᠲᠠ᠂ ᠬᠤᠤᠯᠢᠩᠭᠤᠤᠯ ᠬᠤᠲᠠ᠂ ᠮᠠᠨᠵᠤᠤᠷ ᠬᠤᠲᠠ᠂ | ᠪᠠᠷᠠᠭᠤᠨ ᠦᠵᠦᠮᠦᠴᠢᠨ ᠬᠤᠰᠢᠭᠤ᠂ ᠠᠯᠠᠱᠠ ᠵᠡᠭᠦᠨ ᠬᠤᠰᠢᠭᠤ᠂ ᠲᠦᠮᠡᠳ ᠵᠡᠭᠦᠨ ᠬᠤᠰᠢᠭᠤ ᠪᠠ ᠣᠲᠤᠭ ᠤᠨ | ᠡᠮᠦᠨᠡᠲᠦ ᠬᠤᠰᠢᠭᠤ ᠪᠣᠯᠣᠨ᠎ᠠ᠂ ᠮᠠᠨ ᠤ ᠬᠤᠲᠠ ᠨᠡᠷᠡᠰ ᠤᠨ ᠵᠢᠭᠰᠠᠭᠠᠯᠲᠠ ᠳᠤ ᠣᠷᠣᠭᠰᠠᠨ 12 ᠰᠢᠶᠠᠨ | ᠬᠤᠲᠠ ᠶᠢᠨ ᠳᠣᠲᠣᠷ᠎ᠠ ᠳᠣᠯᠣᠳᠤᠭᠠᠷ ᠲᠤ ᠵᠢᠭᠰᠠᠭᠠᠭᠳᠠᠵᠠᠢ᠃ |