ᠠᠯᠳᠠᠨ ᠨᠠᠮᠤᠷ ᠤᠨ ᠠᠷᠪᠠᠨ ᠰᠠᠷ᠎ᠠ ᠳᠤ᠂ ᠦᠷ᠎ᠡ ᠵᠢᠮᠢᠰ ᠨᠠᠮᠠᠭ᠎ᠠ ᠪᠠᠷ ᠲᠦᠭᠦᠷᠡᠩ᠃10 ᠰᠠᠷ᠎ᠠ ᠶᠢᠨ 28 ᠤ | ᠦᠳᠡ ᠶᠢᠨ ᠡᠮᠦᠨ᠎ᠡ᠂ ᠬᠤᠤᠯᠢᠩᠭᠤᠤᠯ ᠬᠤᠳᠠ ᠶᠢᠨ ᠡᠷᠢᠶᠡᠨ ᠬᠥᠭᠦᠷᠭᠡ ᠳᠡᠭᠡᠷ᠎ᠡ ᠥᠩᠭᠡᠲᠦ ᠤᠲᠤᠭ᠎ᠠ | ᠰᠤᠯᠤᠩᠭᠠᠷᠠᠨ᠂ ᠠᠨᠳᠠᠢ ᠪᠥᠵᠢᠭᠯᠡᠵᠦ᠂ ᠬᠦᠷ ᠬᠥᠭᠵᠢᠶᠡᠨ ᠲᠠᠢ᠂ ᠥᠯᠵᠡᠢ ᠪᠡᠯᠭᠡ ᠲᠠᠢ᠂ ᠪᠠᠶᠠᠷ ᠪᠠᠶᠠᠰᠤᠯ ᠲᠠᠢ ᠠᠭᠤᠷ | ᠠᠮᠢᠰᠬᠤᠯ ᠤᠨ ᠳᠤᠮᠳᠠ᠂ ᠨᠡᠶᠢᠭᠡᠮ ᠨᠡᠶᠢᠲᠡ ᠶᠢᠨ ᠠᠩᠬᠠᠷᠤᠯ ᠢ ᠲᠠᠲᠠᠵᠤ᠂ ᠤᠯᠠᠨ ᠲᠦᠮᠡᠨ ᠤ ᠬᠦᠰᠡᠨ ᠡᠷᠡᠮᠡᠯᠵᠡᠵᠦ | ᠪᠠᠶᠢᠭ᠎ᠠ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ︱ ᠡᠷᠢᠶᠡᠨ ᠶᠡᠭᠡ | ᠬᠥᠭᠦᠷᠭᠡ ᠨᠢ ᠪᠦᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠭᠴᠢᠳ ᠤᠨ ᠰᠠᠯᠬᠢ ᠪᠣᠷᠣᠭᠠᠨ ᠢ ᠲᠤᠭᠤᠯᠵᠤ᠂ ᠡᠳᠦᠷᠵᠢᠨ | ᠰᠥᠨᠢᠵᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠵᠢᠩᠬᠢᠨᠢ ᠪᠠᠷ ᠪᠠᠶᠢᠭᠤᠯᠤᠭᠳᠠᠵᠤ ᠲᠡᠷᠭᠡ ᠨᠡᠪᠲᠡᠷᠡᠵᠡᠢ︕ | | | | | ᠨᠢᠭᠡ ᠭᠤᠣᠯ ᠤᠨ ᠬᠤᠶᠠᠷ ᠬᠥᠪᠡᠭᠡᠨ ᠤ ᠰᠢᠨ᠎ᠡ ᠳᠠᠪᠠᠯᠲᠠ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠢᠶᠠᠨ | ᠡᠬᠢᠯᠡᠭᠦᠯᠦᠯ᠎ᠡ᠃ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠠᠷᠠᠳ ᠤᠨ ᠠᠮᠢᠳᠤᠷᠠᠯ ᠤᠨ ᠠᠵᠠ | ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠬᠦ ᠬᠡᠷᠡᠭᠲᠡᠢ︾ ᠭᠡᠵᠦ | ᠳᠤᠷᠠᠳᠤᠨ ᠭᠠᠷᠭᠠᠵᠠᠢ᠃ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠬᠥᠮᠥᠰ ᠢ ᠤᠷᠮᠠᠰᠢᠭᠤᠯᠤᠨ | ᠤᠷᠤᠭᠰᠢᠯᠠᠭᠤᠯᠤᠨ᠎ᠠ᠃ᠡᠷᠢᠶᠡᠨ ᠶᠡᠭᠡ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠣᠯ | ᠬᠤᠤᠯᠢᠩᠭᠤᠤᠯ ᠬᠤᠳᠠ ᠶᠢᠨ ᠬᠡᠷᠡᠭᠵᠢᠭᠦᠯᠵᠦ ᠪᠠᠶᠢᠭ᠎ᠠ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠪᠣᠯᠣᠨ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠪᠢᠯᠧᠲ ᠥᠭᠴᠦ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠪᠣᠯᠣᠨ᠎ᠠ᠂ ᠪᠦᠬᠦ ᠬᠤᠳᠠ ᠶᠢᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠨᠢᠭᠡᠨ ᠲᠣᠮᠣ ᠶᠠᠪᠤᠳᠠᠯ | ᠪᠣᠯᠣᠨ᠎ᠠ᠂ ᠮᠥᠨᠴᠦ ᠠᠷᠠᠳ ᠤᠯᠠᠨ ᠤ ᠬᠦᠰᠡᠭᠡᠳ ᠤᠳᠠᠭᠰᠠᠨ ᠨᠢᠭᠡᠨ ᠪᠠᠶᠠᠷᠲᠤ ᠶᠠᠪᠤᠳᠠᠯ ᠪᠣᠯᠣᠨ᠎ᠠ᠃ᠶᠡᠭᠡ ᠬᠥᠭᠦᠷᠭᠡ | ᠨᠢ ᠬᠤᠤᠯᠢᠩᠭᠤᠤᠯ ᠬᠤᠳᠠ ᠶᠢᠨ ᠰᠢᠨ᠎ᠡ ᠲᠣᠭᠤᠷᠢᠭ ᠤᠨ ᠪᠠᠷᠠᠭᠤᠨ ᠶᠡᠭᠡ ᠵᠡᠭᠡᠯᠢ ᠳᠤ ᠪᠠᠶᠢᠷᠢᠯᠠᠵᠤ᠂ ᠬᠤᠣᠯᠢᠨ | ᠭᠤᠣᠯ ᠢ ᠰᠤᠨᠳᠠᠯᠠᠵᠤ᠂ ᠬᠥᠭᠦᠷᠭᠡ ᠶᠢᠨ ᠪᠦᠬᠦ ᠤᠷᠳᠤ ᠨᠢ 209 ᠮᠥ᠋ᠲᠷ᠂ ᠥᠷᠭᠡᠨ ᠨᠢ 33.5 ᠮᠥ᠋ᠲᠷ᠂ ᠳᠡᠭᠡᠳᠦ | ᠬᠡᠰᠡᠭ ᠤᠨ ᠪᠦᠲᠦᠴᠡ ᠨᠢ ᠨᠢᠭᠡ ᠶᠢ ᠬᠤᠯᠪᠣᠭᠰᠠᠨ ᠲᠠᠪᠤ ᠶᠢ ᠰᠤᠨᠳᠠᠯᠠᠭᠰᠠᠨ ᠣᠭᠲᠣᠯᠣᠭᠠᠰᠤ ᠭᠠᠳᠠᠷᠭᠤ ᠶᠢᠨ | ᠪᠡᠯᠡᠳᠬᠡᠯ ᠬᠤᠪᠢᠷᠠᠭᠠᠭᠳᠠᠯ ᠤᠨ ᠬᠦᠴᠦᠯᠡᠴᠡ ᠲᠠᠢ ᠪᠥ᠋ᠲᠤᠨ ᠤ ᠦᠷᠭᠦᠯᠵᠢᠯᠡᠭᠰᠡᠨ ᠬᠠᠶᠢᠷᠴᠠᠭ ᠤᠨ ᠨᠢᠷᠤᠭᠤ ᠪᠠᠶᠢᠵᠤ᠂ | ᠬᠤᠣᠰ ᠴᠢᠭᠯᠡᠯ ᠤᠨ ᠵᠢᠷᠭᠤᠭᠠᠨ ᠲᠡᠷᠭᠡᠨ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠠᠢ᠃ | ᠶᠡᠭᠡ ᠬᠥᠭᠦᠷᠭᠡ ᠶᠢᠨ ᠪᠠᠶᠢᠭᠤᠯᠤᠭᠳᠠᠭᠰᠠᠨ ᠨᠢ ᠬᠤᠤᠯᠢᠩᠭᠤᠤᠯ ᠬᠤᠳᠠ ᠶᠢᠨ ᠰᠢᠨ᠎ᠡ ᠬᠤᠳᠠ ᠶᠢᠨ | ᠲᠣᠭᠤᠷᠢᠭ ᠤᠨ ᠪᠠᠷᠠᠭᠤᠨ ᠶᠡᠭᠡ ᠵᠡᠭᠡᠯᠢ ᠪᠣᠯᠣᠨ ᠬᠠᠭᠤᠴᠢᠨ ᠬᠤᠳᠠ ᠶᠢᠨ ᠲᠣᠭᠤᠷᠢᠭ ᠤᠨ ᠪᠢᠨ ᠾᠧ ᠵᠠᠮ ᠢ | ᠬᠤᠯᠪᠣᠵᠤ᠂ ᠰᠢᠨ᠎ᠡ ᠬᠤᠳᠠ ᠶᠢᠨ ᠲᠣᠭᠤᠷᠢᠭ ᠤᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠤᠯᠠᠮ | ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ | ᠲᠤᠮᠳᠠᠳᠦ ᠰᠤᠷᠭᠠᠭᠤᠯᠢ ᠵᠡᠷᠭᠡ ᠬᠤᠶᠢᠲᠤ ᠬᠡᠰᠡᠭ ᠤᠨ ᠬᠡᠰᠡᠭ ᠲᠣᠭᠤᠷᠢᠭ ᠤᠨ ᠨᠢᠭᠡᠴᠡ ᠪᠣᠯᠣᠨ ᠰᠠᠭᠤᠭᠠᠯᠢ | ᠠᠷᠠᠳ ᠤᠨ ᠵᠠᠮ ᠬᠠᠷᠢᠯᠴᠠᠭ᠎ᠠ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠰᠢᠨ᠎ᠡ ᠬᠠᠭᠤᠴᠢᠨ ᠬᠤᠳᠠ ᠶᠢᠨ | ᠲᠣᠭᠤᠷᠢᠭ ᠤᠨ ᠴᠢᠳᠠᠪᠬᠢ ᠶᠢᠨ ᠬᠠᠷᠢᠯᠴᠠᠨ ᠨᠥᠬᠦᠪᠦᠷᠢᠯᠡᠬᠦ᠂ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠰᠢᠨ᠎ᠡ | ︽ᠭᠤᠣᠯ ᠰᠤᠳᠠᠰᠤ︾ ᠶᠢ ᠨᠡᠪᠲᠡᠷᠡᠭᠦᠯᠵᠡᠢ᠃ᠡᠭᠦᠨ ᠤ ᠬᠠᠮᠲᠤ᠂ ᠰᠢᠨ᠎ᠡ ᠲᠣᠭᠤᠷᠢᠭ ᠤᠨ ᠬᠤᠶᠢᠲᠤ ᠬᠡᠰᠡᠭ ᠤᠨ ᠬᠡᠰᠡᠭ | ᠲᠣᠭᠤᠷᠢᠭ᠂ ᠳᠤᠮᠳᠠ ᠪᠠᠭ᠎ᠠ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠵᠤ᠂ ᠬᠤᠳᠠ ᠶᠢᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠲᠤᠶᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | ᠤᠯᠠᠨ ᠨᠡᠶᠢᠲᠡ ᠶᠢᠨ ᠦᠢᠯᠡᠴᠢᠯᠡᠭᠡ ᠰᠢᠨ᠎ᠡ ᠳᠡᠭᠲᠡᠷ ᠲᠤ ᠭᠠᠷᠴᠤ᠂ ᠠᠷᠠᠳ ᠤᠯᠠᠨ ᠳᠤ ᠪᠤᠶᠠᠨ ᠵᠢᠷᠭᠠᠯ | ᠡᠳ᠋ᠯᠡᠭᠦᠯᠦᠨ᠎ᠡ᠃ ᠬᠤᠤᠯᠢᠩᠭᠤᠤᠯ ᠬᠤᠲᠠ ᠳᠤ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠲᠥᠷᠥᠯ | ᠵᠦᠢᠯ ᠤᠳ ᠢ ᠲᠦᠷᠭᠡᠨ ᠪᠦᠲᠦᠭᠡᠨ ᠪᠠᠶᠢᠭᠤᠯᠵᠤ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾ ᠶᠢ ᠠᠷᠠᠳ | ᠣᠯᠠᠨ ᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ︽ᠵᠣᠯ ᠵᠢᠷᠭᠠᠯ ᠤᠨ ᠲᠠᠩᠰᠠ︾ ᠪᠣᠯᠭᠠᠨ | ᠬᠤᠪᠢᠷᠠᠭᠤᠯᠵᠤ ᠪᠠᠶᠢᠨ᠎ᠠ᠃ᠠᠷᠪᠠᠨ ᠵᠢᠯ ᠤᠨ ᠲᠤᠷᠰᠢ᠂ 8 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ 55 ᠬᠤᠪᠢ ᠴᠢᠨᠠᠷ ᠰᠠᠶᠢᠲᠠᠢ ᠬᠡᠷᠡᠭᠵᠢᠭᠦᠯᠵᠦ᠂ ᠦᠢᠯᠡᠰ | ᠪᠣᠰᠬᠠᠬᠤ ᠠᠵᠢᠯ ᠣᠯᠭᠤᠯᠲᠠ ᠶᠢᠨ ᠵᠢᠭᠡᠯᠡᠯᠭᠡ ᠶᠢ ᠨᠡᠶᠢᠳᠡ 2.5 ᠳ᠋ᠦᠩᠰᠢᠭᠤᠷ ᠲᠥᠭᠦᠷᠢᠭ ᠲᠠᠯᠪᠢᠵᠤ᠂ ᠬᠤᠳᠠ | ᠪᠠᠯᠭᠠᠰᠤᠨ ᠤ ᠠᠵᠢᠯ ᠣᠯᠭᠤᠯᠲᠠ ᠶᠢᠨ ᠵᠢᠭᠡᠯᠡᠯᠭᠡ ᠶᠢ 4.1 ᠲᠦᠮᠡᠨ ᠬᠥᠮᠥᠨ ᠳᠤ ᠰᠢᠨ᠎ᠡ ᠪᠠᠷ ᠨᠡᠮᠡᠭᠳᠡᠭᠦᠯᠪᠡ᠃ | ᠰᠤᠷᠭᠠᠨ ᠬᠥᠮᠦᠵᠢᠯ ᠤᠨ ᠦᠢᠯᠡᠰ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠵᠦ᠂ ᠡᠮᠴᠢᠯᠡᠭᠡᠨ ᠤ ᠡᠬᠢ | ᠪᠠᠶᠠᠯᠢᠭ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ | ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠢᠯᠡ ᠲᠣᠭᠤᠭ᠎ᠠ︾ ᠶᠢ ᠨᠡᠶᠢᠳᠡᠮ | ᠪᠦᠷᠬᠦᠭᠦᠯᠬᠦ ᠶᠢ ᠪᠡᠶᠡᠯᠡᠭᠦᠯᠦᠨ᠎ᠡ᠃︽ᠵᠡᠭᠡᠯᠢ ᠲᠣᠰᠬᠤᠨ ᠳᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ | ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠡᠭᠦᠰ ᠠᠮᠵᠢᠯᠲᠠ ᠲᠠᠢ ᠲᠡᠭᠦᠰᠴᠦ᠂ ᠨᠡᠶᠢᠭᠡᠮ ᠤᠨ ᠶᠡᠭᠡ ᠲᠠᠯ᠎ᠠ | ᠡᠶ᠎ᠡ ᠵᠣᠬᠢᠴᠠᠩᠭᠤᠢ ᠲᠣᠭᠲᠠᠭᠤᠨ ᠪᠣᠯᠪᠠ᠃ᠬᠤᠳᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠦᠷᠭᠦᠯᠵᠢᠯᠡᠨ ᠰᠠᠶᠢᠵᠢᠷᠠᠵᠤ᠂ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠳᠥᠭᠦᠮ | ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠤᠭᠰᠠᠨ 8000 ᠭᠠᠷᠤᠢ ᠡᠷᠤᠭᠡ ᠶᠢᠨ ᠰᠠᠭᠤᠭᠠᠯᠢ | ᠠᠷᠠᠳ ᠲᠤ ᠰᠢᠨ᠎ᠡ ᠭᠡᠷ ᠪᠠᠶᠢᠰᠢᠩ ᠰᠣᠯᠢᠵᠤ᠂ 21 ᠬᠠᠭᠤᠴᠢᠨ ᠰᠠᠭᠤᠭᠠᠯᠢ ᠠᠷᠠᠳ ᠤᠨ ᠲᠣᠭᠤᠷᠢᠭ᠂ 8680 ᠢᠵᠢ | ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 22 ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ︽ᠭᠤᠷᠪᠠᠨ ᠬᠦᠴᠢᠷᠳᠡᠯ︾ ᠤᠨ ᠵᠦᠢᠯᠡᠰ ᠢ ᠰᠢᠢᠳᠪᠦᠷᠢᠯᠡᠵᠦ᠂ 15603 ᠢᠵᠢ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ︽ᠭᠤᠷᠪᠠᠨ ᠬᠦᠴᠢᠷᠳᠡᠯ︾ ᠤᠨ ᠵᠦᠢᠯᠡᠰ ᠢ ᠰᠢᠢᠳᠪᠦᠷᠢᠯᠡᠪᠡ᠃ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠶᠢ ᠨᠡᠶᠢᠳᠡᠮ ᠬᠠᠮᠤᠷᠬᠤ ᠶᠢ ᠪᠡᠶᠡᠯᠡᠭᠦᠯᠵᠦ᠂ ᠨᠣᠭᠤᠭᠠᠷᠠᠭᠤᠯᠤᠭᠰᠠᠨ ᠭᠠᠵᠠᠷ ᠤᠨ | ᠴᠡᠴᠡᠷᠯᠢᠭ ᠢ ᠵᠢᠯ ᠳᠠᠷᠠᠭᠠᠯᠠᠨ ᠨᠡᠮᠡᠭᠳᠡᠭᠦᠯᠦᠨ᠂ ᠨᠣᠭᠤᠭᠠᠷᠠᠭᠤᠯᠤᠭᠰᠠᠨ ᠲᠠᠯᠠᠪᠠᠶ ᠶᠢ 584 ᠲᠦᠮᠡᠨ ᠲᠡᠭᠰᠢ | ᠳᠥᠷᠪᠡᠯᠵᠢᠨ ᠮᠧᠲᠷ ᠲᠤ ᠬᠦᠷᠦᠭᠦᠯᠦᠨ᠎ᠡ᠃ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ 17333 ᠲᠥᠭᠦᠷᠢᠭ ᠲᠤ | ᠬᠦᠷᠪᠡ᠃ᠵᠠᠰᠠᠮᠠᠯ ᠵᠠᠮ ᠤᠨ ᠳᠡᠰ ᠢ ᠳᠡᠭᠡᠭᠰᠢᠯᠡᠭᠦᠯᠬᠦ᠂ ᠲᠡᠮᠦᠷ ᠵᠠᠮ ᠤᠨ ᠬᠤᠷᠳᠤᠴᠠ ᠶᠢ ᠨᠡᠮᠡᠭᠳᠡᠭᠦᠯᠬᠦ᠂ ᠨᠢᠰᠬᠡᠯ ᠤᠨ | ᠪᠠᠭᠤᠳᠠᠯ ᠳᠤ ᠠᠶᠠᠯᠠᠯ ᠨᠡᠪᠲᠡᠷᠡᠬᠦ᠂ ︽ᠵᠠᠰᠠᠮᠠᠯ ᠵᠠᠮ ᠲᠡᠮᠦᠷ ᠵᠠᠮ ᠠᠭᠠᠷ︾ ᠤᠨ ᠪᠣᠰᠤᠭ᠎ᠠ ᠴᠣᠭᠴᠠᠲᠤ ᠵᠠᠮ | ᠬᠠᠷᠢᠯᠴᠠᠭᠠᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ | | | | | ︽ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠶᠢᠨ ᠡᠯ᠎ᠡ ᠵᠦᠢᠯ ᠤᠨ | ᠠᠵᠢᠯ ᠢ ᠠᠬᠢᠭᠤᠯᠬᠤ ᠡᠬᠢ ᠡᠭᠦᠰᠦᠯ ᠤᠨ ᠬᠥᠳᠡᠯᠭᠡᠭᠦ ᠬᠦᠴᠦᠨ ᠪᠠ ᠠᠵᠢᠯᠯᠠᠭᠠᠨ ᠤ ᠵᠦᠭᠯᠡᠭᠦᠷ ᠪᠣᠯᠭᠠᠵᠤ᠂ ᠤᠭ | ᠰᠠᠨᠠᠭ᠎ᠠ ᠪᠠᠨ ᠦᠯᠦ ᠮᠠᠷᠲᠠᠨ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠢ | ᠪᠦᠬᠦ ᠬᠤᠲᠠ ᠶᠢᠨ ᠠᠷᠠᠳ ᠲᠦᠮᠡᠨ ᠳᠤ ᠨᠡᠩ ᠢᠯᠡᠭᠦᠦ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ︾᠃ ᠬᠤᠤᠯᠢᠩᠭᠤᠤᠯ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ | ᠳᠠᠷᠤᠭ᠎ᠠ ᠱᠠᠨ ᠯᠢᠶᠠᠨ ᠾᠧᠩ ᠢᠯᠡᠷᠬᠡᠶᠢᠯᠡᠬᠦ ᠳᠡᠭᠡᠨ᠂ ᠰᠢᠨ᠎ᠡ ᠠᠶᠠᠨ ᠵᠠᠮ ᠳᠠᠭᠠᠨ᠂ ᠬᠤᠤᠯᠢᠩᠭᠤᠤᠯ ᠬᠤᠲᠠ ᠶᠢᠨ | ᠬᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ | ᠪᠠᠷᠢᠮᠲᠠᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠬᠤᠶᠢᠷᠭᠤᠰᠢᠬᠤ ᠦᠭᠡᠢ ᠵᠢᠳᠬᠦᠵᠦ᠂ ᠢᠳᠡᠪᠬᠢᠲᠡᠢ ᠬᠦᠴᠦᠨ | ᠵᠦᠢᠯ ᠪᠦᠬᠦᠨ ᠢ ᠲᠣᠬᠢᠷᠠᠭᠤᠯᠤᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ | ᠬᠤᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ ᠶᠢᠨ | ᠠᠵᠤ ᠠᠬᠤᠢ ᠶᠢ ᠬᠥᠭᠵᠢᠭᠡᠨ᠂ ᠨᠠᠩ ᠦᠵᠡᠰᠬᠦᠯᠡᠩᠲᠦ ᠰᠠᠶᠢᠬᠠᠨ᠂ ᠨᠠᠩ ᠲᠠᠲᠠᠬᠤ ᠬᠦᠴᠦᠨ ᠲᠠᠢ᠂ ᠨᠠᠩ | ᠠᠮᠢᠵᠢᠷᠠᠯ ᠤᠨ ᠬᠦᠴᠦᠨ ᠲᠠᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠥᠬᠦ ᠬᠦᠴᠦᠨ ᠢᠶᠠᠷ ᠢᠶᠠᠨ | ᠪᠦᠲᠦᠭᠡᠨ ᠪᠠᠶᠢᠭᠤᠯᠵᠤ᠂ ᠠᠷᠠᠳ ᠲᠦᠮᠡᠨ ᠤ ᠥᠨᠳᠥᠷ ᠶᠠᠰᠤ ᠴᠢᠨᠠᠷ ᠲᠠᠢ ᠠᠮᠢᠳᠤᠷᠠᠯ ᠳᠤ ᠵᠣᠯ ᠵᠢᠷᠭᠠᠯᠲᠤ ᠣᠷᠣᠨ | ᠵᠠᠢ ᠶᠢ ᠥᠷᠭᠡᠳᠬᠡᠵᠦ ᠥᠭᠭᠦᠨ᠎ᠡ ᠬᠡᠪᠡ᠃ |