ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠭᠤᠷᠪᠠᠨ ᠶᠡᠭᠡ ︽ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ︾ ᠢ ᠠᠮᠢᠳᠤᠯᠢᠭ ᠬᠡᠷᠡᠭᠯᠡᠨ ︽ᠪᠢᠴᠢᠭ ᠤᠨ ᠰᠤᠷᠪᠤᠯᠵᠢᠲᠤ ᠬᠤᠤᠯᠢᠩᠭᠤᠤᠤᠯ︾ ᠢ ᠪᠦᠲᠦᠭᠡᠨ ᠪᠠᠶᠢᠭᠤᠯᠵᠦ ᠪᠤᠢ
ᠨᠡᠶᠢᠲᠡᠯᠡᠭᠰᠡᠨ ᠴᠠᠭ᠄
2022/12/12
   ᠣᠶᠢᠷ᠎ᠠ ᠶᠢᠨ ᠵᠢᠯ ᠠᠴᠠ᠂ ᠬᠤᠤᠯᠢᠩᠭᠤᠤᠯ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ︽ᠪᠢᠴᠢᠭ ᠤᠨ ᠰᠤᠷᠪᠤᠯᠵᠢᠲᠤ ᠬᠤᠤᠯᠢᠩᠭᠤᠤᠯ︾ ᠤᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠰᠤᠷᠤᠯᠴᠠᠯᠭ᠎ᠠ ᠶᠢᠨ ᠡᠬᠢ ᠪᠠᠶᠠᠯᠢᠭ ᠢᠶᠠᠨ ᠨᠡᠶᠢᠳᠬᠡᠵᠦ᠂︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾᠂︽ᠲᠠᠯ᠎ᠠ ᠨᠤᠲᠤᠭ ᠤᠨ ᠨᠣᠮ ᠤᠨ ᠦᠷᠦᠭᠡ︾᠂︽ᠪᠦᠬᠦ ᠠᠷᠠᠳ ᠢᠶᠠᠷ ᠢᠶᠠᠨ ᠨᠣᠮ ᠤᠩᠰᠢᠬᠤ︾ᠭᠤᠷᠪᠠᠨ ᠶᠡᠭᠡ ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ ᠢ ᠬᠥᠭᠵᠢᠭᠡᠵᠦ᠂ ᠤᠯᠠᠨ ᠬᠡᠯᠪᠡᠷᠢ ᠶᠢᠨ᠂ ᠪᠠᠶᠠᠯᠢᠭ ᠠᠭᠤᠯᠭ᠎ᠠ ᠲᠠᠢ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠵᠡᠯ ᠰᠠᠨᠠᠭ᠎ᠠ ᠪᠠᠷ ᠵᠡᠪᠰᠡᠭᠯᠡᠬᠦ ᠳᠤ︽ᠴᠠᠬᠢᠯᠭᠠᠨ ᠴᠡᠨᠡᠭᠯᠡᠬᠦ︾᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ︽ᠴᠢᠳᠠᠪᠤᠷᠢ ᠣᠯᠭᠤᠬᠤ︾ᠬᠡᠷᠡᠭᠲᠡᠢ᠃

  ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ᠰᠤᠷᠤᠯᠴᠠᠯᠭ᠎ᠠ ᠶᠢᠨ ᠲᠠᠪᠴᠠᠩ ᠢ ᠬᠦᠴᠦᠷᠬᠡᠭᠵᠢᠭᠦᠯᠦᠨ

ᠠᠮᠢᠳᠤᠯᠢᠭᠵᠢᠭᠤᠯᠵᠤ᠂ ᠰᠤᠷᠤᠯᠴᠠᠯᠭ᠎ᠠ ᠶᠢᠨ︽ᠰᠢᠨ᠎ᠡ ᠠᠷᠭ᠎ᠠ ᠵᠠᠮ︾  ᠢ ᠨᠡᠪᠲᠡᠷᠡᠭᠦᠯᠦᠨ᠎ᠡ᠃ᠰᠤᠷᠤᠯᠴᠠᠬᠤ ᠠᠷᠭ᠎ᠠ

ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠵᠤ᠂

︽ᠡᠳᠦᠷ ᠤᠨ ᠺᠠᠷᠲ ᠠᠪᠬᠤ︾᠂ ︽ᠭᠠᠷᠠᠭ ᠤᠨ ᠰᠢᠯᠭᠠᠷᠠᠭᠤᠯᠤᠯᠲᠠ︾᠂ ︽ᠰᠠᠷ᠎ᠠ ᠶᠢᠨ ᠵᠠᠷᠯᠠᠯ︾ ᠤᠨ ᠠᠷᠭ᠎ᠠ

ᠮᠠᠶ᠋ᠢᠭ ᠢᠶᠠᠷ ᠰᠤᠷᠤᠯᠴᠠᠯᠭ᠎ᠠ ᠶᠢ ᠨᠢᠭᠡ ᠵᠦᠢᠯ ᠤᠨ ᠳᠠᠳᠬᠠᠯ ᠪᠣᠯᠭᠠᠬᠤ ᠬᠡᠷᠡᠭᠲᠡᠢ᠃ᠤᠷᠤᠯᠳᠤᠭᠠᠨ ᠢᠶᠠᠷ

ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠬᠡᠷᠡᠭᠵᠢᠭᠦᠯᠬᠦ ᠶᠢ ᠠᠬᠢᠭᠤᠯᠵᠤ᠂ ︽ᠰᠤᠷᠤᠯᠴᠠᠯᠭ᠎ᠠ ᠪᠠᠷ

ᠤᠯᠤᠰ ᠢᠶᠠᠨ ᠬᠦᠴᠦᠷᠬᠡᠭᠵᠢᠭᠦᠯᠬᠦ︾ ᠰᠡᠳᠦᠪ ᠬᠠᠷᠢᠭᠤᠯᠬᠤ ᠥᠷᠢᠰᠦᠯᠳᠦᠭᠡᠨ ᠤ ᠤᠷᠤᠯᠳᠤᠭᠠᠨ ᠡᠷᠭᠢᠯᠡᠬᠦ ᠪᠠᠷ

ᠳᠠᠮᠵᠢᠭᠤᠯᠤᠨ᠂ ᠪᠥᠬᠦ ᠬᠤᠲᠠ ᠶᠢᠨ ᠺᠠᠳ᠋ᠷ ᠣᠯᠠᠨ ᠲᠦᠮᠡᠨ ᠤ ᠰᠤᠷᠤᠯᠴᠠᠯᠭ᠎ᠠ ᠳᠤ ᠣᠷᠤᠯᠴᠠᠬᠤ ᠢᠳᠡᠪᠬᠢᠵᠢᠯ᠂

ᠰᠠᠨᠠᠭᠠᠴᠢᠯᠠᠭᠠᠲᠤ ᠴᠢᠨᠠᠷ ᠢ ᠦᠷᠭᠦᠯᠵᠢᠯᠡᠨ ᠳᠠᠶᠢᠴᠢᠯᠠᠪᠠ᠃ᠵᠢᠯ ᠳᠤ ᠨᠢᠭᠡ ᠤᠳᠠᠭ᠎ᠠ ᠬᠥᠬᠢᠭᠦᠯᠦᠨ ᠰᠠᠶᠢᠰᠢᠶᠠᠵᠤ᠂

ᠬᠤᠤᠯᠢᠩᠭᠤᠤᠯ ᠬᠤᠲᠠ ᠶᠢᠨ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠶᠢᠨ ᠣᠨ ᠤ ᠬᠥᠬᠢᠭᠦᠯᠦᠨ

ᠰᠠᠶᠢᠰᠢᠶᠠᠬᠤ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠠᠭᠤᠨ ᠬᠦᠴᠦᠷᠬᠡᠭ ᠰᠣᠷᠣᠭᠴᠢ︾ ︽ᠰᠢᠯᠢᠳᠡᠭ

ᠴᠢᠮᠡᠭᠡᠯᠡᠭᠴᠢ︾ ︽ᠲᠡᠷᠢᠭᠦᠨ ᠤ ᠨᠢᠭᠡᠴᠡ︾ ︽ᠰᠤᠷᠤᠯᠴᠠᠯᠭ᠎ᠠ ᠳᠤ ᠴᠠᠭᠠᠷᠠᠭᠰᠠᠨ ᠬᠥᠮᠥᠨ︾ ᠵᠡᠷᠭᠡ ᠶᠢ

ᠬᠥᠬᠢᠭᠦᠯᠦᠨ ᠰᠠᠶᠢᠰᠢᠶᠠᠵᠤ᠂ ᠪᠥᠬᠦ ᠠᠵᠢᠯᠲᠠᠨ ᠤ ᠰᠤᠷᠤᠯᠴᠠᠯᠭ᠎ᠠ ᠳᠤ ᠣᠷᠤᠯᠴᠠᠬᠤ ᠶᠢ ᠤᠷᠮᠠᠰᠢᠭᠤᠯᠬᠤ

ᠲᠣᠭᠲᠠᠴᠠ ᠶᠢ ᠪᠡᠶᠡᠯᠡᠭᠦᠯᠦᠨ᠎ᠡ᠃ᠡᠯᠭᠦᠭᠡ ᠪᠢᠴᠢᠭᠡᠰᠦ᠂ ᠵᠠᠷᠯᠠᠯ᠂ ᠵᠠᠮ ᠤᠨ ᠲᠤᠭ ᠤᠨ ᠳ᠋ᠧᠩ ᠤᠨ ᠬᠠᠶᠢᠷᠴᠠᠭ᠂

LED ᠵᠡᠷᠭᠡ ᠬᠡᠯᠪᠡᠷᠢ ᠪᠠᠷ ᠳᠠᠮᠵᠢᠭᠤᠯᠤᠨ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ 50 ᠭᠠᠷᠤᠢ ᠪᠠᠶᠢᠭᠤᠯᠵᠤ

᠂ ᠪᠥᠬᠦ ᠠᠷᠠᠳ ᠢᠶᠠᠷ ᠢᠶᠠᠨ ᠰᠤᠷᠤᠯᠴᠠᠯᠭ᠎ᠠ ᠳᠤ ᠣᠷᠤᠯᠴᠠᠬᠤ ᠳᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ

ᠪᠣᠶ ᠪᠣᠯᠭᠠᠵᠤ ᠥᠭᠪᠡ᠃︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ᠰᠢᠯᠭᠠᠨ ᠦᠨᠡᠯᠡᠬᠦ ᠲᠣᠭᠲᠠᠴᠠ ᠶᠢ

ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠪᠠᠶᠢᠳᠠᠯ ᠢ ᠲᠣᠭᠤᠷᠢᠨ ᠪᠠᠶᠢᠴᠠᠭᠠᠵᠤ

ᠰᠢᠮᠳᠠᠭᠤᠯᠤᠨ ᠪᠠᠶᠢᠴᠠᠭᠠᠬᠤ ᠪᠠ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ ᠴᠢᠬᠤᠯᠠ ᠪᠠᠷᠢᠮᠵᠢᠶ᠎ᠠ ᠳᠤ

ᠣᠷᠣᠭᠤᠯᠤᠨ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ ᠲᠠᠪᠴᠠᠩ ᠢ ᠦᠨᠡᠨᠬᠦ

ᠣᠨᠣᠯ ᠢᠶᠠᠷ ᠵᠡᠪᠰᠡᠭᠯᠡᠭᠰᠡᠨ ︽ᠠᠯᠠᠭᠠᠨ ᠡᠷᠳᠡᠨᠢ︾᠂ ᠬᠤᠷᠤᠭᠤᠨ ᠦᠵᠦᠭᠦᠷ ᠲᠠᠬᠢ ︽ᠮᠠᠲ᠋ᠧᠷᠢᠶᠠᠯ ᠤᠨ ᠬᠥᠮᠥᠷᠭᠡ︾

ᠪᠣᠯᠭᠠᠵᠤ᠂ ᠬᠤᠤᠯᠢᠩᠭᠤᠤᠯ ᠬᠤᠲᠠ ᠶᠢᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠶᠢᠨ

ᠲᠠᠪᠴᠠᠩ ᠤᠨ ᠶᠡᠷᠦᠩᠬᠡᠢ ᠬᠤᠷᠠᠮᠳᠤᠯ ᠬᠤᠪᠢ ᠶᠢ ᠲᠦᠩᠯᠢᠶᠣᠣ ᠬᠤᠲᠠ ᠶᠢᠨ ᠡᠯ᠎ᠡ ᠬᠤᠰᠢᠭᠤ ᠰᠢᠶᠠᠨ ᠬᠤᠲᠠ

ᠲᠣᠭᠤᠷᠢᠭ ᠲᠤ ᠨᠢᠭᠡᠳᠦᠭᠡᠷ ᠲᠤ ᠵᠢᠭᠰᠠᠭᠠᠨ᠎ᠠ᠃

   ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ ᠢ ᠡᠮᠬᠢᠯᠡᠨ

ᠨᠡᠶᠢᠯᠡᠭᠦᠯᠵᠦ ᠥᠷᠭᠡᠳᠬᠡᠨ᠂ ᠰᠤᠷᠤᠯᠴᠠᠯᠭ᠎ᠠ ᠶᠢᠨ ︽ᠰᠢᠨ᠎ᠡ ᠵᠠᠭᠪᠤᠷ︾ ᠢ ᠪᠣᠶ ᠪᠣᠯᠭᠠᠨ᠎ᠠ᠃︽ᠲᠠᠯ᠎ᠠ ᠨᠤᠲᠤᠭ ᠤᠨ

ᠨᠣᠮ ᠤᠨ ᠥᠷᠥᠭᠡ︾ ᠶᠢᠨ ᠰᠤᠷᠤᠯᠴᠠᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ

᠂ ᠵᠣᠬᠢᠶᠠᠨ ᠪᠠᠶᠢᠭᠤᠯᠤᠨ ᠰᠤᠷᠤᠯᠴᠠᠬᠤ᠂ ᠠᠰᠠᠭᠤᠳᠠᠯ ᠢ ᠶᠠᠷᠢᠯᠴᠠᠬᠤ᠂ ᠣᠯᠣᠯᠲᠠ ᠲᠥᠷᠥᠭᠳᠡᠯ ᠢᠶᠠᠨ

ᠰᠣᠯᠢᠯᠴᠠᠬᠤ ᠪᠠᠷ ᠳᠠᠮᠵᠢᠭᠤᠯᠤᠨ᠂ ᠠᠳᠠᠯᠢ ᠪᠤᠰᠤ ᠬᠥᠮᠥᠰ ᠲᠤ ᠴᠢᠭᠯᠡᠭᠦᠯᠦᠨ᠂ ᠣᠨᠣᠯ ᠤᠨ ᠤᠬᠠᠭᠤᠯᠤᠨ

ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠨ ᠱᠠᠲᠤᠨ ᠤ ᠭᠠᠴᠠᠭ᠎ᠠ ᠲᠣᠰᠬᠤᠨ

︵ᠨᠡᠶᠢᠭᠡᠮ ᠲᠣᠭᠤᠷᠢᠭ︶ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ

ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ

ᠬᠠᠯᠠᠭᠤᠨ ᠥᠷᠨᠢᠯᠲᠡ ᠶᠢ ᠪᠣᠶ ᠪᠣᠯᠭᠠᠵᠤ᠂ ᠣᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ

ᠦᠨᠡᠨᠬᠦ ᠪᠠᠶᠠᠯᠢᠭᠵᠢᠭᠤᠯᠤᠨ᠎ᠠ᠃ᠪᠦᠬᠦ ᠬᠤᠳᠠ ᠶᠢᠨ ᠡᠯ᠎ᠡ ᠲᠠᠯ᠎ᠠ ᠨᠤᠲᠤᠭ ᠤᠨ ᠨᠣᠮ ᠤᠨ ᠦᠷᠦᠭᠡ ᠶᠢ

ᠪᠠᠶᠢᠭᠤᠯᠤᠭᠰᠠᠨ ᠠᠴᠠ ᠨᠠᠰᠢ᠂ ᠨᠣᠮ ᠤᠨ ᠦᠷᠦᠭᠡ ᠶᠢᠨ ᠡᠯ᠎ᠡ ᠲᠦᠷᠦᠯ ᠤᠨ ᠨᠣᠮ ᠪᠢᠴᠢᠭ ᠢ ᠵᠢᠯ ᠪᠦᠷᠢ ᠰᠢᠨᠡᠳᠬᠡᠵᠦ᠂

ᠪᠠᠶᠢᠩᠭᠤ ᠨᠡᠮᠡᠵᠦ᠂ ᠪᠠᠶᠢᠩᠭᠤ ᠰᠣᠯᠢᠵᠤ᠂ ᠪᠠᠶᠢᠩᠭᠤ ᠰᠢᠨᠡᠳᠬᠡᠪᠡ᠃ᠣᠳᠣᠬᠠᠨ ᠳᠤ᠂ ᠪᠥᠬᠦ ᠬᠤᠲᠠ ᠶᠢᠨ 23 ᠨᠣᠮ ᠤᠨ

ᠥᠷᠥᠭᠡ ᠶᠢᠨ ᠬᠠᠳᠠᠭᠠᠯᠠᠵᠤ ᠪᠠᠶᠢᠭ᠎ᠠ ᠨᠣᠮ ᠤᠨ ᠲᠥᠷᠥᠯ ᠵᠦᠢᠯ ᠨᠢ ᠠᠮᠢᠳᠤᠷᠠᠯ ᠤᠨ ᠲᠥᠷᠥᠯ᠂ ᠲᠡᠵᠢᠭᠡᠨ

ᠦᠷᠡᠵᠢᠭᠦᠯᠬᠦ ᠲᠥᠷᠥᠯ᠂ ᠨᠠᠮ ᠤᠨ ᠲᠡᠦᠬᠡ ᠶᠢᠨ ᠲᠥᠷᠥᠯ ᠵᠡᠷᠭᠡ 5 ᠲᠦᠮᠡ ᠭᠠᠷᠤᠢ ᠳᠡᠪᠲᠡᠷ ᠢ ᠬᠠᠮᠤᠷᠴᠤ᠂ ᠣᠯᠠᠨ

ᠲᠦᠮᠡᠨ ᠤ ᠠᠵᠢᠯ ᠤᠨ ᠴᠢᠯᠦᠭᠡᠨ ᠤ ᠤᠩᠰᠢᠯᠭ᠎ᠠ ᠶᠢᠨ ᠬᠡᠷᠡᠭᠴᠡᠭᠡ ᠶᠢ ᠶᠡᠭᠡ ᠪᠠᠷ ᠬᠠᠩᠭᠠᠵᠤ ᠪᠠᠶᠢᠨ᠎ᠠ᠃ᠡᠭᠦᠨ ᠤ

ᠬᠠᠮᠲᠤ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︽ᠥᠪᠥᠷ ᠮᠣᠩᠭᠤᠯ ᠤᠨ

ᠲᠣᠭᠠᠴᠢᠯᠠᠭᠰᠠᠨ ᠲᠠᠯ᠎ᠠ ᠨᠤᠲᠤᠭ ᠤᠨ ᠨᠣᠮ ᠤᠨ ᠥᠷᠥᠭᠡ︾ ᠶᠢ ᠢᠳᠡᠪᠬᠢᠲᠡᠢ ᠪᠠᠷ ᠤᠬᠠᠭᠤᠯᠤᠨ ᠳᠡᠯᠭᠡᠷᠡᠭᠦᠯᠵᠦ᠂

ᠥᠷᠭᠡᠨ ᠣᠯᠠᠨ ᠠᠷᠠᠳ ᠲᠦᠮᠡᠨ ᠭᠠᠷ ᠤᠲᠠᠰᠤ ᠪᠠᠷ ᠡᠯ᠎ᠡ ᠲᠥᠷᠥᠯ ᠤᠨ ᠡᠯᠧᠺᠲᠷᠣᠨ ᠨᠣᠮ ᠪᠢᠴᠢᠭ ᠤᠩᠰᠢᠬᠤ ᠶᠢ

ᠰᠠᠨᠠᠭᠠᠴᠢᠯᠠᠵᠤ᠂ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠲᠣᠭᠠᠴᠢᠯᠠᠭᠰᠠᠨ ᠤᠩᠰᠢᠯᠭ᠎ᠠ ᠶᠢᠨ ᠡᠬᠢ

ᠪᠠᠶᠠᠯᠢᠭ ᠤᠨ ᠬᠠᠩᠭᠠᠯᠭ᠎ᠠ ᠶᠢ ᠲᠤᠶᠢᠯ ᠤᠨ ᠶᠡᠭᠡ ᠪᠠᠷ ᠪᠠᠶᠠᠯᠢᠭᠵᠢᠭᠤᠯᠵᠤ᠂ ᠣᠯᠠᠨ ᠲᠦᠮᠡᠨ ᠤ ᠣᠯᠠᠨ ᠶᠠᠩᠵᠤ ᠶᠢᠨ

ᠤᠩᠰᠢᠯᠭ᠎ᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠭᠰᠠᠨ ᠪᠠᠶᠢᠨ᠎ᠠ᠃︽ᠲᠠᠯ᠎ᠠ ᠨᠤᠲᠤᠭ ᠤᠨ ᠨᠣᠮ ᠤᠨ

ᠥᠷᠥᠭᠡ︾ ᠨᠢ ᠨᠢᠭᠡᠨᠲᠡ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ︽ᠣᠶᠤᠨ ᠤ ᠠᠮᠤ

ᠪᠤᠳᠠᠭᠠᠨ ᠤ ᠬᠥᠮᠥᠷᠭᠡ︾ ᠪᠣᠯᠤᠭᠰᠠᠨ ᠪᠠᠶᠢᠨ᠎ᠠ᠃

    ︽ᠪᠥᠬᠦ ᠠᠷᠠᠳ ᠢᠶᠠᠷ ᠢᠶᠠᠨ ᠨᠣᠮ ᠤᠩᠰᠢᠬᠤ︾ ᠰᠤᠷᠤᠯᠴᠠᠯᠭ᠎ᠠ ᠶᠢᠨ ᠠᠷᠭ᠎ᠠ ᠵᠠᠮ ᠢ ᠪᠠᠶᠠᠯᠢᠭᠵᠢᠭᠤᠯᠤᠨ

ᠰᠠᠭᠠᠳ ᠦᠭᠡᠢ ᠨᠠᠪᠲᠠᠷᠡᠭᠦᠯᠵᠦ᠂ ᠰᠤᠷᠤᠯᠴᠠᠯᠭ᠎ᠠ ᠶᠢᠨ ︽ᠰᠢᠨ᠎ᠡ ᠬᠥᠳᠡᠯᠭᠡᠭᠴᠢ ᠡᠨᠧᠷᠭᠢ︾ ᠶᠢ ᠪᠣᠶᠢᠵᠢᠭᠤᠯᠤᠨ᠎ᠠ᠃

︽ᠪᠥᠬᠦ ᠠᠷᠠᠳ ᠢᠶᠠᠷ ᠢᠶᠠᠨ ᠨᠣᠮ ᠤᠩᠰᠢᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠨᠣᠮ ᠤᠩᠰᠢᠬᠤ

ᠠᠵᠢᠯᠯᠠᠭ᠎ᠠ ᠶᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠲᠡᠯ᠎ᠡ ᠥᠷᠨᠢᠭᠦᠯᠵᠦ᠂ ᠨᠡᠶᠢᠭᠡᠮ ᠳᠠᠶᠠᠭᠠᠷ ᠲᠤ

ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ ᠰᠢᠨ᠎ᠡ ᠬᠡᠪ

ᠰᠤᠷᠲᠠᠯ ᠢ ᠰᠠᠨᠠᠭᠠᠴᠢᠯᠠᠨ᠎ᠠ᠃︽ᠪᠢᠳᠡᠨ ᠤ ᠪᠠᠶᠠᠷ ᠤᠨ ᠡᠳᠦᠷ︾ ︽ᠪᠢᠴᠢᠭ ᠤᠨ ᠰᠤᠷᠪᠤᠯᠵᠢᠲᠤ ᠬᠤᠤᠯᠢᠩᠭᠤᠤᠯ︾

︽ᠨᠠᠬᠢᠶ᠎ᠠ ᠤᠩᠰᠢᠬᠤ ᠠᠵᠢᠯᠯᠠᠭ᠎ᠠ︾ ︽ᠬᠤᠪᠢᠰᠬᠠᠯᠲᠤ ᠭᠧᠨ︾ ︽ᠲᠠᠯ᠎ᠠ ᠨᠤᠲᠤᠭ ᠪᠠ ᠵᠢᠵᠢᠭ ᠤᠯᠠᠭᠠᠨ ᠣᠲᠣ︾

︽ᠪᠡᠶ᠎ᠡ ᠪᠠᠨ ᠵᠠᠰᠠᠬᠤ ᠠᠶᠠᠯᠠᠯ︾ ᠵᠡᠷᠭᠡ ᠵᠢᠷᠭᠤᠭᠠᠨ ᠶᠡᠭᠡ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶ

ᠪᠣᠯᠭᠠᠵᠤ᠂ ᠪᠥᠬᠦ ᠠᠷᠠᠳ ᠤᠨ ᠤᠩᠰᠢᠯᠭ᠎ᠠ ᠶᠢ ᠳᠡᠯᠭᠡᠷᠡᠭᠦᠯᠬᠦ ᠠᠵᠢᠯ ᠳᠤ ᠪᠥᠬᠦ ᠲᠠᠯ᠎ᠠ ᠪᠠᠷ ᠦᠢᠯᠡᠴᠢᠯᠡᠨ᠂ ᠪᠥᠬᠦ

ᠠᠷᠠᠳ ᠤᠨ ᠤᠩᠰᠢᠯᠭ᠎ᠠ ᠶᠢᠨ ᠠᠵᠢᠯ ᠢ ᠪᠠᠶᠢᠩᠭᠤᠵᠢᠭᠤᠯᠬᠤ ᠪᠠ ᠵᠢᠷᠤᠮᠵᠢᠭᠤᠯᠬᠤ ᠶᠢ ᠠᠬᠢᠭᠤᠯᠤᠨ᠎ᠠ᠃ᠰᠦᠯᠵᠢᠶᠡᠨ

ᠳᠡᠭᠡᠷᠡᠬᠢ ᠠᠵᠢᠯᠯᠠᠭ᠎ᠠ ᠶᠢᠨ ᠠᠭᠤᠯᠭ᠎ᠠ ᠶᠢ ᠦᠷᠭᠦᠯᠵᠢᠯᠡᠨ ᠬᠠᠶᠢᠨ ᠰᠦᠪᠡᠭᠴᠢᠯᠡᠵᠦ᠂ ᠨᠣᠮ ᠤᠨ ᠰᠠᠩ ᠢᠶᠠᠷ

ᠠᠴᠢᠶᠠᠯᠠᠪᠤᠷᠢ ᠪᠣᠯᠭᠠᠨ᠂ ᠰᠦᠯᠵᠢᠶᠡᠨ ᠳᠡᠭᠡᠷᠡᠬᠢ ᠣᠨᠴᠠᠯᠢᠭᠲᠤ ᠲᠤᠰᠬᠠᠢ ᠪᠤᠯᠤᠩ ᠦᠶᠯᠡᠳᠬᠦ ᠪᠠ ᠰᠦᠯᠵᠢᠶᠡᠨ

ᠭᠠᠳᠠᠨᠠᠬᠢ ᠠᠵᠢᠯᠯᠠᠭ᠎ᠠ ᠶᠢ ᠤᠬᠠᠭᠠᠯᠠᠨ ᠰᠡᠳᠦᠬᠦ ᠠᠵᠢᠯ ᠢ ᠰᠠᠶᠢᠲᠤᠷ ᠬᠢᠵᠦ᠂ ︽ᠵᠢᠯ ᠤᠨ ᠡᠬᠢᠨ ᠳᠤ ᠤᠬᠠᠭᠠᠯᠠᠨ

ᠰᠡᠳᠦᠬᠦ᠂ ᠰᠠᠷ᠎ᠠ ᠪᠦᠷᠢ ᠠᠵᠢᠯᠯᠠᠭ᠎ᠠ ᠲᠠᠢ᠂ ᠵᠢᠯ ᠤᠨ ᠡᠴᠦᠰ ᠲᠤ ᠦᠷ᠎ᠡ ᠪᠦᠲᠦᠭᠡᠯ ᠲᠠᠢ ᠪᠠᠶᠢᠬᠤ︾ ᠠᠵᠢᠯ ᠤᠨ

ᠰᠢᠰᠲ᠋ᠧᠮᠵᠢ ᠶᠢ ᠦᠨᠡᠨᠬᠦ ᠪᠡᠶᠡᠯᠡᠭᠦᠯᠵᠦ᠂ ᠣᠯᠠᠨ ᠨᠡᠶᠢᠲᠡ ᠶᠢᠨ ᠤᠩᠰᠢᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢ

ᠲᠠᠰᠤᠷᠠᠯᠲᠠ ᠦᠭᠡᠢ ᠪᠠᠲᠤᠳᠬᠠᠨ᠂ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠪᠠᠶᠠᠯᠢᠭᠵᠢᠭᠤᠯᠵᠤ᠂ ᠨᠠᠩ ᠣᠯᠠᠨ

ᠺᠠᠳ᠋ᠷ ᠣᠯᠠᠨ ᠲᠦᠮᠡᠨ ᠢ ᠤᠩᠰᠢᠯᠭ᠎ᠠ ᠶᠢᠨ ᠶᠢᠷᠲᠢᠨᠴᠦ ᠳᠤ ᠣᠷᠣᠭᠤᠯᠵᠤ᠂ ᠤᠩᠰᠢᠯᠭ᠎ᠠ ᠶᠢᠨ ᠠᠮᠢᠳᠤᠷᠠᠯ ᠢ

ᠬᠠᠮᠲᠤ ᠪᠠᠷ ᠡᠳ᠋ᠯᠡᠭᠦᠯᠬᠦ ᠬᠡᠷᠡᠭᠲᠡᠢ᠃ 4· 23 ᠤ ︽ᠳᠡᠯᠡᠬᠡᠢ ᠶᠢᠨ ᠨᠣᠮ ᠤᠩᠰᠢᠬᠤ ᠡᠳᠦᠷ︾ ᠲᠤ ︽ᠰᠢᠨ᠎ᠡ ᠴᠠᠭ

ᠦᠶ᠎ᠡ ᠶᠢ ᠤᠩᠰᠢᠬᠤ · ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ 2022 ᠣᠨ ᠤ ᠬᠤᠤᠯᠢᠩᠭᠤᠤᠯ ᠤᠨ

ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠵᠦ᠂ ᠪᠥᠬᠦ ᠠᠷᠠᠳ ᠤᠨ

ᠤᠩᠰᠢᠯᠭ᠎ᠠ ᠪᠠᠷ ᠬᠤᠣᠯᠢᠨ ᠭᠤᠣᠯ ᠤᠨ ᠴᠢᠨᠠᠷ ᠰᠠᠶᠢᠲᠠᠢ ᠬᠥᠭᠵᠢᠯᠲᠡ ᠶᠢᠨ ᠣᠶᠤᠨ ᠰᠠᠨᠠᠭᠠᠨ ᠤ ᠬᠦᠴᠦᠨ ᠢ ᠤᠯᠠᠮ

ᠨᠢᠭᠡ ᠠᠯᠬᠤᠮ ᠬᠥᠭᠵᠢᠭᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号