︽ᠵᠢᠭᠡᠯᠡᠯᠭᠡ ᠶᠢ ᠡᠶᠢᠮᠦ ᠲᠦᠷᠭᠡᠨ ᠬᠢᠨᠠᠨ ᠵᠥᠪᠰᠢᠶᠡᠷᠡᠭᠡᠳ ᠪᠠᠲᠤᠯᠠᠨ᠎ᠠ ᠭᠡᠵᠦ ᠪᠣᠳᠣᠵᠤ ᠣᠯᠣᠭᠰᠠᠨ ᠦᠭᠡᠢ︾ | ᠸᠠᠩ ᠳ᠋ᠦᠩ ᠶᠤᠸᠠᠨ ᠰᠤᠷᠪᠤᠯᠵᠢᠯᠠᠭᠴᠢ ᠳᠤ ᠶᠠᠷᠢᠯ᠎ᠠ᠃ ᠣᠶᠢᠷ᠎ᠠ ᠳᠤ᠂ ᠬᠤᠤᠯᠢᠩᠭᠤᠤᠯ ᠬᠤᠲᠠ ᠶᠢᠨ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠥᠪᠥᠷ ᠮᠣᠩᠭᠤᠯ ᠤᠨ ᠡᠸᠤ ᠶᠠ ᠰᠢᠨ᠎ᠡ | ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠤᠯᠢ ᠶᠢᠨ ᠡᠷᠬᠡᠲᠡᠨ ᠸᠠᠩ ᠳ᠋ᠦᠩ | ᠶᠤᠸᠠᠨ ᠬᠤᠶᠠᠷᠬᠠᠨ ᠡᠳᠦᠷ ᠤᠨ ᠳᠣᠲᠣᠷ᠎ᠠ ᠺᠣᠮᠫᠠᠨᠢ ᠶᠢᠨ ᠪᠠᠴᠢᠮ ᠬᠡᠷᠡᠭᠰᠡᠬᠦ 200 ᠲᠦᠮᠡᠨ ᠲᠥᠭᠦᠷᠢᠭ ᠤᠨ | ᠵᠢᠭᠡᠯᠡᠯᠭᠡ ᠶᠢ ᠣᠯᠵᠤ ᠠᠪᠴᠠᠢ᠃ | | | | | | | ︽ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠲᠠᠯᠪᠢᠭᠰᠠᠨ ᠭᠠᠶᠢᠯᠢ ᠶᠢᠨ ᠵᠢᠭᠡᠯᠡᠯᠭᠡ ᠪᠣᠯ ᠢᠲᠡᠭᠡᠮᠵᠢᠲᠦ | ᠵᠢᠭᠡᠯᠡᠯᠭᠡ ᠮᠥᠨ᠂ ᠡᠨᠡ ᠨᠢ ᠭᠤᠣᠯᠳᠠᠭᠤ ᠮᠠᠨ ᠤ ᠡᠳᠡᠭᠡᠷ ᠳᠤᠮᠳᠠ ᠵᠢᠵᠢᠭ ᠠᠵᠤ ᠠᠬᠤᠶᠢᠯᠠᠯ ᠳᠤ ᠵᠣᠷᠢᠭᠤᠯᠵᠤ᠂ | ᠪᠠᠲᠤᠯᠠᠭ᠎ᠠ ᠶᠢᠨ ᠰᠦᠢᠳᠬᠡᠯ ᠬᠤᠷᠢᠶᠠᠬᠤ ᠦᠭᠡᠢ᠂ ᠬᠦᠦ ᠮᠥᠩᠭᠦ ᠨᠢ ᠳᠣᠣᠷ᠎ᠠ᠂ ᠵᠢᠭᠡᠯᠡᠯᠭᠡ ᠲᠠᠯᠪᠢᠬᠤ ᠬᠤᠷᠳᠤᠴᠠ | ᠨᠢ ᠲᠦᠷᠭᠡᠨ ᠪᠠᠶᠢᠳᠠᠭ᠂ ᠡᠶᠢᠮᠦ ᠵᠢᠭᠡᠯᠡᠯᠭᠡ ᠶᠢᠨ ᠦᠢᠯᠡᠳᠬᠦᠨ ᠨᠢ ᠮᠠᠨ ᠳᠤ ᠠᠪᠴᠤ ᠬᠡᠯᠡᠪᠡᠯ ᠳᠠᠭᠠᠷᠠᠭᠰᠠᠨ | ᠬᠥᠮᠥᠨ ᠳᠤ ᠳᠠᠬᠤ ᠬᠦᠷᠭᠡᠵᠦ ᠪᠠᠶᠢᠭ᠎ᠠ ᠶᠠᠪᠤᠳᠠᠯ ᠮᠥᠨ︾᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ | ᠥᠪᠥᠷ ᠮᠣᠩᠭᠤᠯ ᠤᠨ ᠡᠸᠤ ᠶᠠ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠪᠠ ᠮᠡᠷᠭᠡᠵᠢᠯ ᠤᠨ ᠰᠤᠳᠤᠯᠤᠨ ᠨᠡᠭᠡᠭᠡᠯᠲᠡ ᠶᠢᠨ ᠪᠡᠯᠡ ᠮᠥᠩᠭᠦ ᠳᠤ ᠮᠠᠰᠢ | ᠶᠡᠭᠡ ᠬᠦᠴᠢᠷᠳᠡᠯ ᠲᠤᠯᠭᠠᠷᠠᠵᠠᠢ᠂ ᠡᠨᠡ ᠬᠦ ᠵᠢᠭᠡᠯᠡᠯᠭᠡ ᠶᠢ ᠣᠯᠣᠭᠰᠠᠨ ᠨᠢ ᠠᠵᠤ ᠠᠬᠤᠶᠢᠯᠠᠯ ᠤᠨ ᠪᠡᠯᠡ ᠮᠥᠩᠭᠦ ᠶᠢᠨ | ᠡᠷᠭᠢᠯᠲᠡ ᠶᠢᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠠᠵᠤ ᠠᠬᠤᠶᠢᠯᠠᠯ ᠤᠨ ᠬᠥᠭᠵᠢᠯᠲᠡ ᠶᠢᠨ | ᠢᠲᠡᠭᠡᠯ ᠵᠣᠷᠢᠭ ᠢ ᠨᠠᠩ ᠪᠠᠲᠤᠳᠬᠠᠵᠠᠢ᠃ ︽ᠪᠢᠳᠡ ᠪᠠᠰᠠ ᠨᠢᠭᠡ ᠭᠤᠷᠪᠠᠨ ᠮᠢᠩᠭᠠᠨ ᠲᠦᠮᠡᠨ ᠲᠥᠭᠦᠷᠢᠭ ᠤᠨ | ᠵᠢᠭᠡᠯᠡᠯᠭᠡ ᠭᠤᠶᠤᠴᠢᠯᠠᠬᠤ ᠪᠠᠷ ᠲᠥᠯᠥᠪᠯᠡᠵᠦ ᠪᠠᠶᠢᠨ᠎ᠠ᠂ ᠣᠳᠣᠬᠠᠨ ᠳᠤ ᠡᠯ᠎ᠡ ᠵᠦᠢᠯ ᠤᠨ ᠬᠢᠨᠠᠨ ᠵᠥᠪᠰᠢᠶᠡᠷᠡᠬᠦ | ᠠᠵᠢᠯ ᠴᠥᠮ ᠶᠠᠪᠤᠭᠳᠠᠵᠤ ᠪᠠᠶᠢᠨ᠎ᠠ᠂ ᠡᠶᠢᠮᠦ ᠵᠣᠭᠤᠰ ᠢ ᠣᠯᠣᠭᠰᠠᠨ ᠠᠴᠠ ᠮᠠᠨ ᠤ ᠡᠨᠡ ᠵᠢᠯ ᠤᠨ ᠪᠦᠲᠦᠭᠡᠨ | ᠪᠠᠶᠢᠭᠤᠯᠤᠯᠲᠠ ᠶᠢᠨ ᠵᠦᠢᠯ ᠲᠣᠭᠲᠠᠪᠤᠷᠢᠵᠢᠵᠠᠢ︾ ᠭᠡᠪᠡ᠃ | ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠢ ᠶᠢ ᠬᠥᠭᠵᠢᠭᠦᠯᠬᠦ ᠶᠢᠨ | ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠨ᠎ᠠ᠃ᠥᠪᠥᠷ | ᠮᠣᠩᠭᠤᠯ ᠤᠨ ᠡᠸᠤ ᠶᠠ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠮᠡᠲᠦ ᠶᠢᠨ ᠡᠶᠢᠮᠦ ᠭᠤᠣᠯᠳᠠᠯᠭ᠎ᠠ ᠲᠠᠢ ᠠᠵᠤ ᠠᠬᠤᠶᠢᠯᠠᠯ ᠢ ᠬᠠᠪᠰᠤᠷᠤᠨ ᠪᠡᠷᠬᠡ ᠪᠣᠭᠤᠮᠲᠠ ᠶᠢ ᠳᠤᠭᠤᠯᠵᠤ᠂ | ᠪᠣᠭᠤᠮᠢ ᠶᠢ ᠨᠢ ᠲᠠᠶᠢᠯᠬᠤ ᠶᠢᠨ ᠲᠥᠯᠥᠭᠡ᠂ ᠮᠠᠨ ᠤ ᠬᠤᠲᠠ ᠵᠠᠰᠠᠭ ᠪᠠᠩᠬᠢ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢᠨ ᠭᠦᠨᠴᠡ ᠪᠠ ᠥᠷᠭᠡᠴᠡ ᠶᠢ ᠬᠦᠴᠦᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ | ᠵᠠᠮ ᠢ ᠥᠷᠭᠡᠳᠬᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠣᠯᠠᠨ ᠲᠠᠰ ᠳᠠᠪᠬᠤᠷᠭ᠎ᠠ ᠲᠠᠢ᠂ ᠥᠷᠭᠡᠨ ᠪᠦᠷᠬᠦᠴᠡ ᠲᠠᠢ᠂ ᠵᠥᠷᠢᠶ᠎ᠡ ᠲᠠᠢ | ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠠᠶᠢᠭᠤᠯᠤᠨ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ | ᠠᠬᠤᠢ ᠶᠢ ᠨᠠᠷᠢᠯᠢᠭ ᠣᠨᠣᠴᠠᠲᠠᠢ ᠪᠠᠷ ᠤᠰᠤᠯᠠᠬᠤ ᠶᠢ ᠦᠨᠡᠨ ᠬᠦ ᠪᠠᠳᠤᠯᠠᠬᠤ ᠪᠠᠷ ᠴᠢᠷᠮᠠᠶᠢᠵᠦ ᠪᠤᠢ᠃ | 2022 ᠣᠨ ᠳᠤ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ | ᠪᠣᠯᠣᠨ ᠵᠧᠵᠢᠶᠠᠩ ᠤᠨ ᠬᠠᠩᠵᠧᠦ ᠶᠢᠨ ᠬᠤᠪᠢᠶᠠᠷᠢ ᠪᠠᠩᠬᠢ ᠨᠢ ᠪᠠᠩᠬᠢ ᠶᠢᠨ ᠳᠣᠲᠣᠷᠠᠬᠢ ᠪᠠᠩᠬᠢ ᠶᠢᠨ ᠪᠦᠯᠦᠭᠯᠡᠯ ᠢ | ᠪᠦᠷᠢᠯᠳᠦᠭᠦᠯᠦᠨ 19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠯᠢᠶᠠᠨ ᠱᠧᠩ ᠺᠣᠮᠫᠠᠨᠢ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ︔ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠤᠣᠯᠢᠨ | ᠭᠤᠣᠯ ᠤᠨ ᠰᠠᠯᠪᠤᠷᠢ ᠪᠠᠩᠬᠢ 5.15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠤ᠋ ᠮᠧᠶ ᠬᠤᠩ | ᠵᠢᠶᠦ᠋ᠨ ᠤ ᠬᠥᠩᠭᠡᠨ ᠴᠠᠭᠠᠨ ᠤ ᠴᠠᠬᠢᠯᠭᠠᠨ ᠤ ᠺᠣᠮᠫᠠᠨᠢ ᠶᠢᠨ ᠭᠡᠷᠡᠯ ᠸᠣᠯᠲ ᠪᠣᠯᠣᠨ ᠰᠠᠯᠬᠢᠨ ᠬᠦᠴᠦᠨ ᠤ | ᠴᠠᠬᠢᠯᠭᠠᠨ ᠤ ᠲᠦᠷᠦᠯ ᠵᠦᠢᠯ ᠳᠤ ᠬᠦᠴᠦᠨ ᠨᠡᠮᠡᠷᠢᠯᠡᠪᠡ︔ᠥᠪᠥᠷ ᠮᠣᠩᠭᠤᠯ ᠤᠨ ᠪᠠᠩᠬᠢ ᠶᠢᠨ ᠬᠤᠤᠯᠢᠩᠭᠤᠤᠯ ᠤᠨ | ᠰᠠᠯᠪᠤᠷᠢ ᠪᠠᠩᠬᠢ ᠶᠢᠨ ᠰᠢᠨ᠎ᠡ ᠪᠠᠷ ᠣᠷᠣᠭᠤᠯᠤᠭᠰᠠᠨ 5.11 ᠳ᠋ᠦᠩᠰᠢᠭᠤᠷ ᠲᠥᠭᠦᠷᠢᠭ ᠢ ᠶᠤᠸᠠᠨ ᠶᠤᠸᠠᠨ | ᠪᠦᠯᠦᠭᠯᠡᠯ᠂ ᠾᠦᠸᠧ ᠨᠢᠩ ᠨᠡᠭᠦᠷᠡᠰᠦᠲᠥ᠋ᠷᠥᠭᠴᠢ ᠡᠳ᠋᠂ ᠲᠦᠩ ᠱᠦᠨ ᠨᠡᠭᠦᠷᠡᠰᠦᠲᠥ᠋ᠷᠥᠭᠴᠢ ᠡᠳ᠋ ᠵᠡᠷᠭᠡ ᠠᠵᠤ | ᠠᠬᠤᠶᠢᠯᠠᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ︔ᠲᠠᠷᠢᠶᠠᠯᠠᠩ ᠤᠨ ᠲᠠᠷᠬᠠᠭᠠᠯᠲᠠ ᠶᠢᠨ | ᠬᠤᠤᠯᠢᠩᠭᠤᠤᠯ ᠤᠨ ᠰᠠᠯᠪᠤᠷᠢ ᠪᠠᠩᠬᠢ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠶᠢᠨ ᠡᠭᠦᠷᠭᠡ ᠴᠢᠳᠠᠪᠬᠢ ᠪᠠᠨ | ᠪᠠᠳᠠᠷᠠᠭᠤᠯᠵᠤ᠂ ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ 1.5 ᠳ᠋ᠦᠩᠰᠢᠭᠤᠷ ᠲᠥᠭᠦᠷᠢᠭ ᠤᠨ ᠤᠰᠤᠨ | ᠰᠤᠷᠪᠤᠯᠵᠢ ᠶᠢᠨ ᠣᠷᠣᠨ ᠢ ᠰᠣᠯᠢᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠪᠠ ᠁ | ᠲᠦᠷᠦᠯ ᠵᠦᠢᠯ ᠤᠨ ᠪᠡᠯᠡ ᠮᠥᠩᠭᠦ ᠶᠢ ᠠᠮᠵᠢᠯᠲᠠ ᠲᠠᠢ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ | ᠠᠬᠤᠢ ᠶᠢᠨ ᠪᠡᠯᠡ ᠮᠥᠩᠭᠦ ᠴᠤᠭᠯᠠᠭᠤᠯᠬᠤ ᠬᠦᠴᠢᠷᠳᠡᠯ᠂ ᠡᠪᠡᠷᠰᠢᠶᠡᠯ ᠢ ᠪᠦᠲᠦᠮᠵᠢᠲᠡᠢ ᠰᠢᠢᠳᠪᠦᠷᠢᠯᠡᠵᠦ᠂ ᠮᠠᠨ ᠤ | ᠬᠤᠲᠠ ᠶᠢᠨ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠮᠥᠩᠭᠦᠨ ᠭᠦᠢᠯᠭᠡᠭᠡᠨ ᠤ | ︽ᠴᠢᠰᠤ︾ ᠶᠢ ᠬᠦᠷᠭᠡᠵᠡᠢ᠃ | ᠣᠶᠢᠯᠠᠭᠠᠭᠰᠠᠨ ᠢᠶᠠᠷ᠂ ᠮᠠᠨ ᠤ ᠬᠤᠲᠠ ᠠᠵᠤ ᠦᠢᠯᠡᠳᠪᠦᠷᠢ ᠪᠠᠷ ᠬᠤᠲᠠ ᠪᠠᠨ ᠪᠠᠶᠢᠭᠤᠯᠵᠤ᠂ ᠠᠵᠤ | ᠠᠬᠤᠢ ᠶᠢᠨ ᠶᠡᠷᠦᠩᠬᠡᠢ ᠬᠡᠮᠵᠢᠶ᠎ᠡ ᠣᠷᠳᠣ ᠬᠤᠭᠤᠴᠠᠭ᠎ᠠ ᠪᠠᠷ ᠲᠦᠩᠯᠢᠶᠣᠣ ᠬᠤᠲᠠ ᠶᠢᠨ ᠡᠮᠦᠨ᠎ᠡ ᠡᠩᠨᠡᠭᠡᠨ ᠳᠤ | ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 95 ᠪᠠᠶᠢᠵᠤ᠂ ᠳᠤᠮᠳᠠ ᠵᠢᠵᠢᠭ ᠪᠢᠴᠢᠯ ᠠᠵᠤ | ᠦᠢᠯᠡᠳᠪᠦᠷᠢ ᠶᠢᠨ ᠠᠵᠤ ᠠᠬᠤᠶᠢᠯᠠᠯ 1100 ᠶᠢ ᠳᠠᠪᠠᠵᠠᠢ᠃11 ᠰᠠᠷ᠎ᠠ ᠶᠢᠨ ᠡᠴᠦᠰ ᠪᠣᠯᠲᠠᠯ᠎ᠠ᠂ ᠪᠥᠬᠦ | ᠬᠤᠲᠠ ᠶᠢᠨ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ 80 ᠭᠠᠷᠤᠢ ᠵᠦᠢᠯ ᠤᠨ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠭᠠᠷᠭᠠᠵᠤ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ | 130.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.56 ᠳ᠋ᠦᠩᠰᠢᠭᠤᠷ | ᠲᠥᠭᠦᠷᠢᠭ ᠨᠡᠮᠡᠭᠳᠡᠨ᠂ 8.78% ᠨᠡᠮᠡᠭᠳᠡᠵᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 100.39% | ᠪᠣᠯᠵᠠᠢ᠃ᠡᠭᠦᠨ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 107.85 ᠳ᠋ᠦᠩᠰᠢᠭᠤᠷ ᠲᠥᠭᠦᠷᠢᠭ | ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 24.01 ᠳ᠋ᠦᠩᠰᠢᠭᠤᠷ ᠲᠥᠭᠦᠷᠢᠭ ᠨᠡᠮᠡᠭᠳᠡᠨ᠂ 28.64% | ᠨᠡᠮᠡᠭᠳᠡᠵᠡᠢ᠃ᠮᠥᠩᠭᠦᠨ ᠭᠦᠢᠯᠭᠡᠭᠡᠨ ᠤ ︽ᠠᠮᠢᠳᠤ ᠤᠰᠤ︾ ᠶᠢ ᠨᠠᠷᠢᠯᠢᠭ ᠣᠨᠣᠴᠠᠲᠠᠢ ᠪᠠᠷ ᠳᠤᠰᠤᠯᠭᠠᠨ ᠤᠰᠤᠯᠠᠵᠤ᠂ | ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠢᠳᠡ | ᠬᠦᠴᠦᠲᠡᠢ ᠬᠠᠨᠳᠤᠰᠢ ᠲᠠᠢ ᠪᠣᠯᠪᠠ᠃ | | | | |