2022 ᠣᠨ ᠳᠤ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠤᠯᠢᠩᠭᠤᠤᠯ ᠤᠨ ᠰᠠᠯᠪᠤᠷᠢ ᠪᠠᠩᠬᠢ | ᠪᠣᠯᠣᠨ ᠵᠧᠵᠢᠶᠠᠩ ᠤᠨ ᠬᠠᠩᠵᠧᠦ ᠶᠢᠨ ᠬᠤᠪᠢᠶᠠᠷᠢ ᠪᠠᠩᠬᠢ ᠨᠢ ᠪᠠᠩᠬᠢ ᠶᠢᠨ ᠳᠣᠲᠣᠷᠠᠬᠢ ᠪᠠᠩᠬᠢ ᠶᠢᠨ ᠪᠦᠯᠦᠭᠯᠡᠯ ᠢ | ᠪᠦᠷᠢᠯᠳᠦᠭᠦᠯᠦᠨ 19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠯᠢᠶᠠᠨ ᠱᠧᠩ ᠺᠣᠮᠫᠠᠨᠢ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠪᠡ︔ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠬᠤᠣᠯᠢᠨ | ᠭᠤᠣᠯ ᠤᠨ ᠰᠠᠯᠪᠤᠷᠢ ᠪᠠᠩᠬᠢ 5.15 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠤ᠋ ᠮᠧᠶ ᠬᠤᠩ | ᠵᠢᠶᠦ᠋ᠨ ᠤ ᠬᠥᠩᠭᠡᠨ ᠴᠠᠭᠠᠨ ᠤ ᠴᠠᠬᠢᠯᠭᠠᠨ ᠤ ᠺᠣᠮᠫᠠᠨᠢ ᠶᠢᠨ ᠭᠡᠷᠡᠯ ᠸᠣᠯᠲ ᠪᠣᠯᠣᠨ ᠰᠠᠯᠬᠢᠨ ᠬᠦᠴᠦᠨ ᠤ | ᠴᠠᠬᠢᠯᠭᠠᠨ ᠤ ᠲᠦᠷᠦᠯ ᠵᠦᠢᠯ ᠳᠤ ᠬᠦᠴᠦᠨ ᠨᠡᠮᠡᠷᠢᠯᠡᠪᠡ︔ᠥᠪᠥᠷ ᠮᠣᠩᠭᠤᠯ ᠤᠨ ᠪᠠᠩᠬᠢ ᠶᠢᠨ ᠬᠤᠤᠯᠢᠩᠭᠤᠤᠯ ᠤᠨ | ᠰᠠᠯᠪᠤᠷᠢ ᠪᠠᠩᠬᠢ ᠶᠢᠨ ᠰᠢᠨ᠎ᠡ ᠪᠠᠷ ᠣᠷᠣᠭᠤᠯᠤᠭᠰᠠᠨ 5.11 ᠳ᠋ᠦᠩᠰᠢᠭᠤᠷ ᠲᠥᠭᠦᠷᠢᠭ ᠢ ᠶᠤᠸᠠᠨ ᠶᠤᠸᠠᠨ | ᠪᠦᠯᠦᠭᠯᠡᠯ᠂ ᠾᠦᠸᠧ ᠨᠢᠩ ᠨᠡᠭᠦᠷᠡᠰᠦᠲᠥ᠋ᠷᠥᠭᠴᠢ ᠡᠳ᠋᠂ ᠲᠦᠩ ᠱᠦᠨ ᠨᠡᠭᠦᠷᠡᠰᠦᠲᠥ᠋ᠷᠥᠭᠴᠢ ᠡᠳ᠋ ᠵᠡᠷᠭᠡ ᠠᠵᠤ | ᠠᠬᠤᠶᠢᠯᠠᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ︔ᠲᠠᠷᠢᠶᠠᠯᠠᠩ ᠤᠨ ᠲᠠᠷᠬᠠᠭᠠᠯᠲᠠ ᠶᠢᠨ | ᠬᠤᠤᠯᠢᠩᠭᠤᠤᠯ ᠤᠨ ᠰᠠᠯᠪᠤᠷᠢ ᠪᠠᠩᠬᠢ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠶᠢᠨ ᠡᠭᠦᠷᠭᠡ ᠴᠢᠳᠠᠪᠬᠢ ᠪᠠᠨ | ᠪᠠᠳᠠᠷᠠᠭᠤᠯᠵᠤ᠂ ᠬᠤᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ 1.5 ᠳ᠋ᠦᠩᠰᠢᠭᠤᠷ ᠲᠥᠭᠦᠷᠢᠭ ᠤᠨ ᠤᠰᠤᠨ | ᠰᠤᠷᠪᠤᠯᠵᠢ ᠶᠢᠨ ᠣᠷᠣᠨ ᠢ ᠰᠣᠯᠢᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠪᠠ ᠁ | ᠲᠦᠷᠦᠯ ᠵᠦᠢᠯ ᠤᠨ ᠪᠡᠯᠡ ᠮᠥᠩᠭᠦ ᠶᠢ ᠠᠮᠵᠢᠯᠲᠠ ᠲᠠᠢ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠠᠵᠤ | ᠠᠬᠤᠢ ᠶᠢᠨ ᠪᠡᠯᠡ ᠮᠥᠩᠭᠦ ᠴᠤᠭᠯᠠᠭᠤᠯᠬᠤ ᠬᠦᠴᠢᠷᠳᠡᠯ᠂ ᠡᠪᠡᠷᠰᠢᠶᠡᠯ ᠢ ᠪᠦᠲᠦᠮᠵᠢᠲᠡᠢ ᠰᠢᠢᠳᠪᠦᠷᠢᠯᠡᠵᠦ᠂ ᠮᠠᠨ ᠤ | ᠬᠤᠲᠠ ᠶᠢᠨ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠮᠥᠩᠭᠦᠨ ᠭᠦᠢᠯᠭᠡᠭᠡᠨ ᠤ | ︽ᠴᠢᠰᠤ︾ ᠶᠢ ᠬᠦᠷᠭᠡᠵᠡᠢ᠃ | ᠣᠶᠢᠯᠠᠭᠠᠭᠰᠠᠨ ᠢᠶᠠᠷ᠂ ᠮᠠᠨ ᠤ ᠬᠤᠲᠠ ᠠᠵᠤ ᠦᠢᠯᠡᠳᠪᠦᠷᠢ ᠪᠠᠷ ᠬᠤᠲᠠ ᠪᠠᠨ ᠪᠠᠶᠢᠭᠤᠯᠵᠤ᠂ ᠠᠵᠤ | ᠠᠬᠤᠢ ᠶᠢᠨ ᠶᠡᠷᠦᠩᠬᠡᠢ ᠬᠡᠮᠵᠢᠶ᠎ᠡ ᠣᠷᠳᠣ ᠬᠤᠭᠤᠴᠠᠭ᠎ᠠ ᠪᠠᠷ ᠲᠦᠩᠯᠢᠶᠣᠣ ᠬᠤᠲᠠ ᠶᠢᠨ ᠡᠮᠦᠨ᠎ᠡ ᠡᠩᠨᠡᠭᠡᠨ ᠳᠤ | ᠣᠷᠣᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 95 ᠪᠠᠶᠢᠵᠤ᠂ ᠳᠤᠮᠳᠠ ᠵᠢᠵᠢᠭ ᠪᠢᠴᠢᠯ ᠠᠵᠤ | ᠦᠢᠯᠡᠳᠪᠦᠷᠢ ᠶᠢᠨ ᠠᠵᠤ ᠠᠬᠤᠶᠢᠯᠠᠯ 1100 ᠶᠢ ᠳᠠᠪᠠᠵᠠᠢ᠃11 ᠰᠠᠷ᠎ᠠ ᠶᠢᠨ ᠡᠴᠦᠰ ᠪᠣᠯᠲᠠᠯ᠎ᠠ᠂ ᠪᠥᠬᠦ | ᠬᠤᠲᠠ ᠶᠢᠨ ᠡᠯ᠎ᠡ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ 80 ᠭᠠᠷᠤᠢ ᠵᠦᠢᠯ ᠤᠨ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠭᠠᠷᠭᠠᠵᠤ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ | 130.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.56 ᠳ᠋ᠦᠩᠰᠢᠭᠤᠷ | ᠲᠥᠭᠦᠷᠢᠭ ᠨᠡᠮᠡᠭᠳᠡᠨ᠂ 8.78% ᠨᠡᠮᠡᠭᠳᠡᠵᠦ᠂ ᠬᠠᠳᠠᠭᠠᠯᠠᠮᠵᠢ ᠪᠠ ᠵᠢᠭᠡᠯᠡᠯᠭᠡ ᠶᠢᠨ ᠬᠠᠷᠢᠴᠠᠯ 100.39% | ᠪᠣᠯᠵᠠᠢ᠃ᠡᠭᠦᠨ ᠳᠤ᠂ ᠠᠵᠤ ᠠᠬᠤᠶᠢᠯᠠᠯ ᠤᠨ ᠵᠢᠭᠡᠯᠡᠯᠭᠡ ᠶᠢ ᠨᠡᠶᠢᠲᠡ 107.85 ᠳ᠋ᠦᠩᠰᠢᠭᠤᠷ ᠲᠥᠭᠦᠷᠢᠭ | ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 24.01 ᠳ᠋ᠦᠩᠰᠢᠭᠤᠷ ᠲᠥᠭᠦᠷᠢᠭ ᠨᠡᠮᠡᠭᠳᠡᠨ᠂ 28.64% | ᠨᠡᠮᠡᠭᠳᠡᠵᠡᠢ᠃ᠮᠥᠩᠭᠦᠨ ᠭᠦᠢᠯᠭᠡᠭᠡᠨ ᠤ ︽ᠠᠮᠢᠳᠤ ᠤᠰᠤ︾ ᠶᠢ ᠨᠠᠷᠢᠯᠢᠭ ᠣᠨᠣᠴᠠᠲᠠᠢ ᠪᠠᠷ ᠳᠤᠰᠤᠯᠭᠠᠨ ᠤᠰᠤᠯᠠᠵᠤ᠂ | ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠢᠳᠡ | ᠬᠦᠴᠦᠲᠡᠢ ᠬᠠᠨᠳᠤᠰᠢ ᠲᠠᠢ ᠪᠣᠯᠪᠠ᠃ | |